ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠬᠤᠶᠠᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/28
    ᠲᠦᠷᠦᠭᠦᠬᠡᠨ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠬᠤᠶᠠᠳᠤᠭᠠᠷ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠪᠤᠯᠤᠷ ᠬᠤᠷᠠᠯ ᠢ ᠡᠷᠭᠢᠯᠡᠵᠦ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠸᠠᠩ ᠪᠥᠸᠧ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠶ ᠫᠢᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠪᠠᠶ ᠲᠢᠶᠤ ᠵᠦ᠂ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠬᠤᠷᠠᠯ ᠳᠤ ᠣᠷᠣᠯᠴᠠᠪᠠ᠃
    ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠰᠢᠨ᠎ᠡ ᠴᠠᠭ ᠦᠶ᠎ᠡ ᠶᠢᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾᠂ ᠳᠡᠳ᠋ ᠱᠦᠵᠢ ᠯᠢᠨ ᠱᠣᠤ ᠴᠦᠨ ᠤ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠬᠠᠮᠲᠤᠷᠠᠭᠰᠠᠨ ᠬᠤᠷᠠᠯ ᠤᠨ ᠲᠤᠰᠬᠠᠶ ᠠᠵᠢᠯ ᠤᠨ ᠸᠢᠳᠢᠣ᠋ ᠶᠢ ᠠᠬᠢᠭᠤᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠢᠴᠢ ︽ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠤᠨ ᠲᠣᠪᠴᠢ ᠲᠡᠮᠳᠡᠭᠯᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ ᠰᠤᠷᠭᠠᠨ ᠬᠥᠮᠦᠵᠢᠯ ᠤᠨ ᠠᠵᠢᠯ ᠤᠨ ᠭᠤᠣᠯᠳᠠᠯᠭ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠰᠤᠷᠭᠠᠨ ᠬᠥᠮᠦᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
    ᠬᠤᠷᠠᠯ ᠠᠴᠠ᠂ ᠡᠯ᠎ᠡ ᠪᠦᠷᠢᠯᠳᠦᠬᠦᠨ ᠨᠢᠭᠡᠴᠢ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠲᠤᠰ ᠰᠠᠯᠠᠭ᠎ᠠ ᠮᠥᠴᠢᠷ ᠤᠨ ᠡᠭᠦᠷᠭᠡᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠤᠰᠢᠶᠠᠯ ᠬᠠᠷᠢᠭᠤᠴᠠᠯᠭ᠎ᠠ ᠡᠭᠦᠷᠭᠡ ᠲᠠᠢ ᠬᠠᠷᠭᠤᠭᠤᠯᠤᠨ ᠰᠠᠨᠠᠭᠠᠴᠢᠯᠠᠭ᠎ᠠ ᠠᠴᠠ ᠪᠠᠨ ᠲᠥᠯᠥᠪᠵᠢᠭᠦᠯᠵᠦ᠂ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠲᠥᠪ ᠬᠤᠷᠢᠶᠠᠨ ᠤ ︽ᠬᠤᠣᠰ ᠬᠡᠯᠡᠨ︾ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠠᠬᠢᠭᠤᠯᠬᠤ ᠠᠯᠤᠰ ᠬᠡᠳᠤ ᠶᠢᠨ ᠰᠠᠨᠠᠭ᠎ᠠ ᠶᠢ ᠣᠨᠣᠪᠴᠢᠲᠠᠢ ᠡᠵᠡᠮᠳᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡᠨ ᠡᠭᠦᠷᠭᠡᠲᠦ ᠪᠤᠳᠤᠯ ᠢᠶᠠᠷ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠬᠦ ᠬᠡᠷᠡᠭᠲᠡᠢ᠃ ᠡᠯ᠎ᠡ ᠬᠠᠮᠢᠶ᠎ᠠ ᠪᠥᠬᠦᠶ ᠨᠢᠭᠡᠴᠢ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ ᠶᠢ ᠠᠬᠢᠭᠤᠯᠵᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃     ᠬᠤᠷᠠᠯ ᠠᠴᠠ ᠪᠠᠰᠠ ᠪᠤᠰᠤᠳ ᠵᠦᠢᠯᠡᠰ ᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号