ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠡᠭᠦᠷ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2020/12/28
    ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ︾ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠣᠩᠭᠤᠭᠤᠯᠢ ᠶᠢᠨ ᠠᠵᠢᠯ ᠤᠨ ᠲᠦᠷ ᠬᠡᠷᠡᠭᠵᠢᠭᠦᠯᠬᠦ ᠲᠦᠷᠢᠮ︾ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠵᠠᠯᠠᠨ ᠠᠶᠢᠯ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠥᠪᠯᠡᠯ ᠤᠨ ᠠᠵᠢᠯ ᠤᠨ ᠱᠠᠭᠠᠷᠳᠠᠯᠭ᠎ᠠ ᠶᠣᠰᠣᠭᠠᠷ᠂ 12 ᠰᠠᠷ᠎ᠠ ᠶᠢᠨ 23 ᠤ ᠡᠳᠦᠷ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠡᠭᠦᠷ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠨᠠᠮ ᠤᠨ ᠡᠭᠦᠷ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠤᠷᠠᠯ ᠢ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠮᠡᠭᠲᠡᠶᠢᠴᠦᠳ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ ᠵᠠᠩ ᡁᠢ ᠸᠧᠨ ᠨᠥᠬᠦᠷ ᠡᠷᠬᠢᠯᠡᠪᠡ᠃     ᠬᠤᠭᠤᠴᠠᠭ᠎ᠠ ᠰᠣᠯᠢᠬᠤ ᠰᠣᠩᠭᠤᠭᠤᠯᠢ ᠶᠢᠨ ᠬᠤᠷᠠᠯ ᠳᠡᠭᠡᠷ᠎ᠡ᠂ ᠳᠡᠳ᠋ ᠲᠡᠷᠢᠭᠦᠯᠡᠭᠴᠢ ᠵᠠᠩ ᡁᠢ ᠸᠧᠨ ︽ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠡᠭᠦᠷ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢ ᠵᠥᠪᠰᠢᠶᠡᠷᠡᠬᠦ ᠲᠤᠬᠠᠶ ᠴᠣᠬᠤᠯᠠᠪᠤᠷᠢ︾ ︵ᠬᠤᠲᠠ ᠶᠢᠨ ᠰᠢᠭᠤᠳ ᠬᠠᠷᠢᠶ᠎ᠠ ᠠᠵᠢᠯ ᠤᠨ ᠵᠥᠪᠯᠡᠯ ᠤᠨ ᠥᠰᠥᠭ [ 2020 ] 46 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠢ ᠤᠩᠰᠢᠨ ᠨᠡᠶᠢᠲᠡᠯᠡᠵᠦ᠂ ᠪᠥᠬᠦ ᠨᠠᠮ ᠤᠨ ᠭᠡᠰᠢᠭᠦᠨ ᠴᠢᠦᠶ ᠠᠨ ᠬᠤᠩ ᠨᠥᠬᠦᠷ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠡᠭᠦᠷ ᠢ ᠲᠥᠯᠥᠭᠡᠯᠡᠵᠦ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃ ᠢᠯᠡᠳᠬᠡᠯ ᠳᠤ ᠥᠩᠭᠡᠷᠡᠭᠰᠡᠨ ᠭᠤᠷᠪᠠᠨ ᠵᠢᠯ ᠤᠨ ᠨᠠᠮ ᠤᠨ ᠡᠭᠦᠷ ᠤᠨ ᠠᠵᠢᠯ ᠢ ᠪᠦᠬᠦ ᠲᠠᠯ᠎ᠠ ᠪᠠᠷ ᠡᠷᠭᠢᠴᠡᠭᠦᠯᠦᠨ ᠳ᠋ᠦᠩᠨᠡᠭᠰᠡᠨ ᠪᠥᠭᠡᠳ ᠬᠤᠶᠢᠰᠢᠳᠠ ᠶᠢᠨ ᠠᠵᠢᠯ ᠤᠨ ᠲᠤᠬᠠᠢ ᠰᠠᠨᠠᠯ ᠱᠠᠭᠠᠷᠳᠠᠯᠭ᠎ᠠ ᠳᠤᠷᠠᠳᠴᠠᠢ᠃     ᠬᠤᠭᠤᠴᠠᠭ᠎ᠠ ᠰᠣᠯᠢᠬᠤ ᠰᠣᠩᠭᠤᠭᠤᠯᠢ ᠳᠤ ᠲᠡᠩᠴᠡᠭᠦᠦ ᠲᠣᠭᠠᠨ ᠤ ᠪᠠ ᠨᠢᠭᠤᠴᠠ ᠰᠣᠩᠭᠤᠭᠤᠯᠢ ᠶᠢᠨ ᠠᠷᠭ᠎ᠠ ᠶᠢ ᠬᠡᠷᠡᠭᠯᠡᠵᠦ᠂ ᠴᠢᠦᠢ ᠠᠨ ᠬᠤᠩ ᠨᠥᠬᠦᠷ ᠢ ᠨᠠᠮ ᠤᠨ ᠡᠭᠦᠷ ᠤᠨ ᠱᠦᠵᠢ ᠪᠠᠷ ᠰᠣᠩᠭᠤᠪᠠ᠃ ᠴᠢᠦᠶ ᠠᠨ ᠬᠤᠩ ᠨᠥᠬᠦᠷ ᠰᠢᠨ᠎ᠡ ᠨᠢᠭᠡ ᠬᠤᠭᠤᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠡᠭᠦᠷ ᠤᠨ ᠡᠮᠦᠨ᠎ᠡ ᠠᠴᠠ ᠣᠪᠣᠷ ᠢᠶᠠᠨ ᠢᠯᠡᠳᠬᠡᠵᠦ᠂ ᠨᠠᠮ ᠤᠨ ᠡᠭᠦᠷ ᠤᠨ ᠱᠦᠵᠢ ᠶᠢᠨ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠲᠦᠷᠢᠮ ᠢ ᠲᠠᠰᠤᠷᠠᠯᠲᠠ ᠥᠬᠡᠶ ᠪᠦᠷᠢᠨᠰᠢᠭᠦᠯᠦᠨ ᠴᠢᠩᠭᠠᠳᠬᠠᠵᠤ᠂ ᠨᠠᠮ ᠤᠨ ᠡᠭᠦᠷ ᠤᠨ ᠨᠠᠮ ᠤᠨ ᠭᠡᠰᠢᠭᠦᠳ ᠢ ᠳᠠᠭᠠᠭᠤᠯᠤᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠨᠠᠮ ᠤᠨ ᠡᠭᠦᠷ ᠤᠨ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ᠎ᠠ ᠭᠡᠵᠦ ᠢᠯᠡᠳᠬᠡᠪᠡ᠃     ᠲᠣᠰ ᠤᠳᠠᠭᠠᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠨᠢ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠶ᠋ᠯᠡᠳᠦᠯ ᠢ ᠲᠠᠰᠤᠷᠠᠯᠲᠠ ᠥᠬᠡᠶ ᠳᠣᠪᠤᠶᠢᠯᠭᠠᠵᠤ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠡᠭᠦᠷ ᠤᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号