ᠭᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠵᠤ ᠬᠦᠰᠡᠯ ᠵᠡᠭᠦᠳᠦ ᠪᠠᠨ ᠲᠡᠷᠭᠡᠯᠰᠢᠭᠦᠯᠬᠦ ᠳᠤ ᠬᠦᠴᠦᠨ ᠨᠡᠮᠡᠷᠢᠯᠡᠨ᠎ᠡ -- ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠰᠢᠶᠠᠩ ᠶᠠᠩ ᠵᠡᠭᠡᠯᠢ ᠭᠤᠳᠤᠮᠵᠢ ᠶᠢᠨ ᠴᠠᠭᠠᠰᠤᠨ ᠡᠭᠡᠳᠡᠩ ᠤᠨ ᠨᠡᠶᠢᠭᠡᠮ ᠲᠣᠭᠤᠷᠢᠭ ᠵᠡᠷᠭᠡ ᠨᠢᠭᠡᠴᠢ ᠲᠠᠢ ᠭᠠᠷ ᠬᠤᠯᠪᠣᠨ ᠭᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2020/12/28
    ᠣᠶᠢᠷ᠎ᠠ ᠶᠢᠨ ᠵᠢᠯ ᠳᠤ᠂ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠨᠢ ᠬᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠠᠵᠢᠯ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠡᠷ ᠲᠡᠭᠡᠨ ᠬᠤᠴᠣᠷᠤᠭᠰᠠᠨ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠬᠡᠨ ᠤ ᠵᠠᠭᠪᠤᠷ ᠢ ᠠᠬᠢᠭᠤᠯᠤᠨ᠂ ᠬᠡᠷ ᠲᠡᠭᠡᠨ ᠬᠤᠴᠣᠷᠤᠭᠰᠠᠨ ᠬᠡᠤᠬᠡᠳ ᠤᠨ ᠳᠤᠲᠠᠭᠳᠠᠵᠤ ᠪᠠᠶᠢᠭ᠎ᠠ ᠬᠡᠷ ᠪᠦᠯᠢ ᠶᠢᠨ ᠬᠠᠶᠢᠷ᠎ᠠ ᠬᠠᠯᠠᠮᠵᠢ ᠶᠢ ᠨᠥᠬᠦᠪᠥᠷᠢᠯᠡᠵᠦ᠂ ᠬᠡᠤᠬᠡᠳ ᠢ ᠬᠠᠪᠰᠤᠷᠤᠨ ᠢᠳᠡᠪᠬᠢᠲᠡᠶ ᠪᠥᠭᠡᠳ ᠰᠠᠶᠢᠨ ᠰᠠᠶᠢᠬᠠᠨ ᠰᠡᠳᠬᠢᠴᠡ ᠶᠢᠨ ᠪᠠᠶᠢᠳᠠᠯ ᠢ ᠪᠣᠶ ᠪᠣᠯᠭᠠᠵᠤ᠂ ᠬᠡᠷ ᠲᠡᠭᠡᠨ ᠬᠤᠴᠣᠷᠤᠭᠰᠠᠨ ᠬᠡᠤᠬᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠪᠠ᠃ 12 ᠰᠠᠷ᠎ᠠ ᠶᠢᠨ 25 ᠤ ᠡᠳᠦᠷ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂  ᠰᠢᠶᠠᠩ ᠶᠠᠩ ᠵᠡᠭᠡᠯᠢ ᠭᠤᠳᠤᠮᠵᠢ ᠶᠢᠨ ᠴᠠᠭᠠᠰᠤᠨ ᠡᠭᠡᠳᠡᠩ ᠤᠨ ᠨᠡᠶᠢᠭᠡᠮ ᠲᠣᠭᠤᠷᠢᠭ ᠵᠡᠷᠭᠡ ᠨᠢᠭᠡᠴᠢ ᠲᠠᠢ ᠬᠠᠮᠲᠤᠷᠠᠨ ︽ᠬᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠵᠤ ᠬᠦᠰᠡᠯ ᠵᠡᠭᠦᠳᠦ ᠪᠠᠨ ᠲᠡᠷᠭᠡᠯᠰᠢᠭᠦᠯᠬᠦ ᠳᠤ ᠬᠦᠴᠦᠨ ᠨᠡᠮᠡᠷᠢᠯᠡᠬᠦ︾ ᠵᠢᠴᠢ ᠬᠡᠷ ᠲᠡᠭᠡᠨ ᠬᠤᠴᠣᠷᠤᠭᠰᠠᠨ ᠬᠡᠤᠬᠡᠳ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃     ᠰᠠᠶᠢᠨ ᠳᠤᠷᠠᠴᠤᠳ ᠬᠡᠤᠬᠡᠳ ᠲᠤ ᠨᠢᠭᠡ ᠰᠠᠶᠢᠬᠠᠨ ᠲᠣᠬᠤᠨᠢᠭᠤᠯᠬᠤ ᠲᠣᠭᠯᠠᠯᠲᠠ ᠦᠵᠡᠭᠦᠯᠪᠡ᠃ ︽ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠮᠢᠨᠦ ᠬᠡᠷ ᠣᠷᠣᠨ︾᠂ ︽ᠴᠢᠩ ᠦᠨᠡᠨᠴᠢ ᠦᠵᠡᠰᠬᠦᠯᠡᠩᠲᠦ ᠰᠠᠶᠢᠬᠠᠨ︾᠂ ︽ᠨᠠᠳᠠ ᠳᠤ ᠬᠠᠶᠢᠷ᠎ᠠ ᠶᠢᠨ ᠵᠢᠭᠦᠷ ᠤᠷᠭᠤᠭᠤᠯᠰᠤᠭᠠᠢ︾ ᠭᠡᠬᠦ ᠤᠯᠠᠭᠠᠨ ᠳᠠᠭᠤᠤ ᠨᠢ ᠬᠡᠦᠬᠡᠳ ᠤᠳ ᠲᠤ ᠨᠠᠮ ᠤᠨ ᠬᠠᠶᠢᠷ᠎ᠠ ᠬᠠᠯᠠᠮᠵᠢ᠂ ᠡᠬᠡ ᠤᠯᠤᠰ ᠪᠣᠯᠤᠨ ᠨᠡᠶᠢᠭᠡᠮ ᠤᠨ ᠬᠠᠶᠢᠷ᠎ᠠ ᠬᠠᠯᠠᠮᠵᠢ ᠶᠢ ᠭᠦᠨ ᠮᠡᠳᠡᠷᠡᠭᠦᠯᠵᠦ᠂ ᠬᠡᠦᠬᠡᠳ ᠤᠳ ᠢ ᠵᠥᠪ ᠠᠮᠢᠳᠤᠷᠠᠬᠤᠢ ᠶᠢᠨ ᠦᠵᠡᠯᠲᠡ ᠪᠣᠯᠤᠨ ᠦᠷᠳᠡᠭ ᠤᠨ ᠦᠵᠡᠯᠲᠡ ᠲᠠᠢ ᠪᠣᠯᠭᠠᠬᠤ ᠪᠠᠷ ᠬᠦᠳᠦᠯᠦᠨ ᠵᠢᠯᠣᠭᠤᠳᠪᠠ᠃     ᠬᠠᠶᠢᠷ᠎ᠠ ᠬᠠᠯᠠᠮᠵᠢ ᠬᠦᠷᠭᠡᠵᠦ᠂ ᠬᠦᠴᠦ ᠪᠠᠨ ᠬᠠᠮᠲᠤᠳᠬᠠᠨ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠤᠨ᠎ᠠ᠃ ᠲᠣᠰ ᠤᠳᠠᠭᠠᠨ ᠤ ᠠᠵᠢᠯᠯᠠᠭ᠎ᠠ ᠨᠢ ᠪᠠᠰᠠ ᠬᠡᠤᠬᠡᠳ ᠲᠤ ᠠᠮᠠᠪᠴᠢ᠂ ᠳᠤᠯᠠᠭᠠᠨ ᠴᠣᠮᠣ᠂ ᠨᠢᠳᠦ ᠬᠠᠮᠠᠭᠠᠯᠠᠬᠤ ᠳ᠋ᠧᠩ᠂ ᠪᠢᠴᠢᠭ ᠤᠨ ᠪᠣᠭᠴᠣ ᠵᠡᠷᠭᠡ ᠰᠤᠷᠤᠯᠭ᠎ᠠ ᠠᠮᠢᠳᠤᠷᠠᠯ ᠤᠨ ᠬᠡᠷᠡᠭᠰᠡᠯ ᠢ ᠬᠦᠷᠭᠡᠨ ᠥᠭᠴᠦ᠂ ᠬᠡᠷ ᠲᠡᠭᠡᠨ ᠬᠤᠴᠣᠷᠤᠭᠰᠠᠨ ᠬᠡᠤᠬᠡᠳ ᠢ ᠬᠠᠪᠰᠤᠷᠤᠨ ᠬᠦᠴᠢᠷᠳᠡᠯ ᠳᠤ ᠨᠠᠩ ᠰᠠᠶᠢᠲᠤᠷ ᠬᠠᠨᠳᠤᠭᠤᠯᠵᠤ᠂ ᠠᠮᠢᠳᠤᠷᠠᠯ ᠤᠨ ᠢᠲᠡᠭᠡᠯ ᠢ ᠨᠢ ᠪᠣᠶ ᠪᠣᠯᠭᠠᠵᠤ᠂ ᠲᠡᠳᠡᠨ ᠤ ᠪᠠᠶᠠᠰᠤᠩᠭᠤᠶ ᠢᠲᠡᠭᠡᠯ ᠲᠠᠢ᠂ ᠥᠪᠡᠷ ᠢ ᠪᠠᠨ ᠬᠦᠴᠦᠷᠬᠡᠭᠵᠢᠭᠦᠯᠬᠦ ᠵᠣᠷᠢᠭ ᠰᠠᠨᠠᠭ᠎ᠠ ᠶᠢ ᠨᠢ ᠬᠥᠮᠦᠵᠢᠭᠦᠯᠵᠦ᠂ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠪᠠ᠃     ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠨᠠᠰᠤᠨ ᠳᠤ ᠥᠯᠥ ᠭᠦᠷᠦᠭᠰᠡᠳ ᠤᠨ ᠪᠠᠲᠤᠯᠠᠭ᠎ᠠ ᠶᠢᠨ ᠲᠣᠤᠷ ᠢ ᠤᠯᠠᠮ ᠨᠢᠭᠡ ᠠᠯᠬᠤᠮ ᠨᠢᠭᠲᠠ ᠪᠠᠬᠢ ᠪᠣᠯᠭᠠᠵᠤ᠂ ᠨᠠᠰᠤᠨ ᠳᠤ ᠥᠯᠥ ᠭᠦᠷᠦᠭᠰᠡᠳ ᠤᠨ ︽ᠨᠢᠭᠡ ᠥᠷᠲᠡᠭᠡ ᠮᠠᠶ᠋ᠢᠭ︾ ᠤᠨ ᠬᠠᠮᠠᠭᠠᠯᠠᠯᠲᠠ ᠶᠢᠨ ᠠᠵᠢᠯ ᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠰᠢᠨ᠎ᠡ ︽ᠬᠤᠶᠠᠷ ᠬᠥᠲᠥᠯᠪᠦᠷᠢ︾ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠬᠦ ᠶᠢᠨ ᠬᠠᠮᠲᠤ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠪᠣᠯᠤᠨ ᠡᠷᠬᠢᠮ ᠰᠤᠷᠲᠠᠯ ᠢ ᠬᠡᠤᠬᠡᠳ ᠤᠨ ᠰᠡᠳᠬᠢᠯ ᠳᠤ ᠭᠦᠨ ᠬᠠᠳᠠᠩᠰᠢᠭᠤᠯᠵᠤ᠂ ᠬᠡᠤᠬᠡᠳ ᠤᠨ ᠦᠰᠦᠨ ᠪᠤᠶᠢᠵᠢᠯᠲᠠ ᠳᠤ ᠳᠤᠯᠠᠭᠠᠨ ᠢᠯᠴᠢ ᠬᠦᠷᠭᠡᠨ᠎ᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号