ᠾᠧ ᠰᠢ ᠵᠡᠭᠡᠯᠢ ᠭᠤᠳᠤᠮᠵᠢ᠄ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠨᠡᠶᠢᠭᠡᠮ ᠲᠣᠭᠤᠷᠢᠭ ᠲᠤ ᠣᠷᠣᠵᠤ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠤᠨ ᠰᠢᠨ᠎ᠡ ᠤᠷᠤᠰᠬᠠᠯ ᠢ ᠬᠥᠲᠥᠯᠥᠨ ᠳᠠᠭᠠᠭᠤᠯᠤᠨ᠎ᠠ
ᠨᠡᠶᠢᠲᠡᠯᠡᠭᠰᠡᠨ ᠴᠠᠭ᠄
2020/12/28
    ᠾᠧ ᠰᠢ ᠵᠡᠭᠡᠯᠢ ᠭᠤᠳᠤᠮᠵᠢ ᠨᠡᠶᠢᠭᠡᠮ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠤᠯᠠᠮ ᠴᠢᠨᠠᠭᠰᠢᠳᠠ ᠪᠠᠶᠠᠯᠢᠭᠵᠢᠭᠤᠯᠵᠤ᠂ ᠤᠯᠠᠨ ᠨᠡᠶᠢᠲᠡ ᠶᠢᠨ ᠰᠣᠶᠣᠯ ᠤᠨ ᠪᠦᠷᠬᠦᠴᠡ ᠶᠢ ᠥᠷᠭᠡᠳᠬᠡᠬᠦ ᠶᠢᠨ ᠲᠥᠯᠥᠭᠡ᠂ ᠤᠢ ᠰᠢᠭᠤᠢ ᠶᠢᠨ ᠠᠵᠤ ᠦᠢᠯᠡᠳᠪᠦᠷᠢ ᠶᠢᠨ ᠬᠢᠨ ᠤ ᠭᠡᠷ ᠪᠠᠶᠢᠰᠢᠩ ᠤᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ︽ᠲᠤᠯᠤᠭᠠᠨ ᠥᠩᠭᠡᠳᠦ ᠠᠮᠢᠳᠤᠷᠠᠯ︾ ᠭᠡᠬᠦ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠢ ᠡᠭᠦᠰᠭᠡᠨ ᠪᠠᠶᠢᠭᠤᠯᠵᠤ᠂ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠰᠠᠭᠤᠭᠠᠯᠢ ᠠᠷᠠᠳ ᠲᠤ ᠨᠡᠩ ᠤᠯᠠᠨ ᠰᠣᠶᠣᠯ ᠤᠷᠠᠯᠢᠭ ᠤᠨ ᠰᠢᠮ᠎ᠡ ᠲᠡᠵᠢᠭᠡᠯ ᠬᠦᠷᠲᠡᠭᠡᠪᠡ᠃     ︽ᠲᠤᠯᠤᠭᠠᠨ ᠥᠩᠭᠡᠲᠦ ᠠᠮᠢᠳᠤᠷᠠᠯ︾ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠤᠨ ᠠᠭᠤᠯᠭ᠎ᠠ ᠡᠯᠪᠡᠭ ᠪᠠᠶᠠᠯᠢᠭ ᠪᠠᠶᠢᠵᠤ᠂ ᠨᠡᠶᠢᠭᠡᠮ ᠲᠣᠭᠤᠷᠢᠭ ᠤᠨ ᠥᠷᠭᠡᠨ ᠣᠯᠠᠨ ᠰᠠᠭᠤᠭᠠᠯᠢ ᠠᠷᠠᠳ ᠲᠤ ᠤᠷᠠᠨ ᠪᠢᠴᠢᠯᠭᠡ᠂ ᠳᠠᠬᠤᠤ ᠬᠥᠭᠵᠢᠮ᠂ ᠪᠥᠵᠢᠭ᠂ ᠶᠤᠭ᠎ᠠ᠂ ᠬᠤᠯᠤ ᠶᠢᠨ ᠰᠢᠷᠬᠡᠭ᠂ ᠮᠠᠨᠵᠤ ᠲᠡᠷᠯᠢᠭ ᠤᠨ ᠦᠵᠡᠭᠦᠯᠦᠯᠭᠡ ᠵᠡᠷᠭᠡ ᠤᠷᠠᠯᠢᠭ ᠤᠨ ᠪᠣᠯᠪᠠᠰᠤᠷᠠᠯ ᠬᠦᠷᠲᠡᠭᠡᠪᠡ᠃ ᠪᠥᠵᠢᠭ ᠤᠨ ᠪᠠᠭᠰᠢ ᠨᠢ ᠪᠥᠵᠢᠭ ᠲᠤ ᠪᠠᠭ᠋ᠠᠲᠠᠶ ᠬᠥᠮᠦᠰ ᠲᠤ ᠰᠣᠩᠭᠤᠳᠠᠭ ᠪᠥᠵᠢᠭ ᠤᠨ ᠪᠡᠶ᠎ᠡ ᠬᠤᠯᠪᠣᠴᠠ ᠶᠢᠨ ᠬᠢᠴᠢᠶᠡᠯ᠂ ᠮᠡᠷᠭᠡᠵᠢᠯ ᠤᠨ ᠵᠢᠯᠣᠭᠤᠳᠣᠯᠭ᠎ᠠ ᠪᠠ ᠰᠢᠷᠭᠠᠭᠤ ᠬᠠᠲᠠᠭᠤᠵᠢᠯᠲᠠᠶ ᠵᠣᠬᠢᠶᠠᠨ ᠪᠦᠲᠦᠭᠡᠯᠭᠡ ᠶᠢ ᠠᠪᠴᠢᠷᠠᠳᠠᠭ᠂ ᠪᠥᠵᠢᠭ ᠤᠨ ᠬᠡᠪ ᠨᠠᠮᠪᠠ ᠨᠢ ︽ᠥᠪᠡᠷᠮᠢᠴᠡ ᠬᠡᠪ ᠨᠠᠮᠪᠠ ᠲᠠᠢ︾᠃ ᠤᠷᠠᠨ ᠪᠢᠴᠢᠯᠭᠡ ᠶᠢᠨ ᠠᠩᠭᠢ ᠨᠡᠭᠡᠭᠡᠭᠳᠡᠮᠡᠭᠴᠡ ᠪᠠᠨ ᠳᠥᠷᠪᠡᠨ ᠵᠦᠭ ᠨᠠᠢᠮᠠᠨ ᠵᠣᠪᠬᠢᠰ ᠠᠴᠠ ᠢᠷᠡᠭᠰᠡᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠣᠯᠤᠭᠰᠠᠨ ᠪᠠᠶᠢᠨ᠎ᠠ᠂ ᠲᠣᠰ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠᠶᠢᠬᠤ ᠪᠠᠷ ᠪᠠᠷᠠᠬᠤ ᠥᠬᠡᠶ᠂ ᠪᠠᠰᠠ ᠪᠤᠰᠤᠳ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠨᠡᠷ᠎ᠡ ᠮᠡᠳᠡᠭᠦᠯᠬᠦ ᠪᠠᠷ ᠢᠷᠡᠭᠰᠡᠨ ᠪᠠᠶᠢᠨ᠎ᠠ᠂ ᠤᠷᠠᠨ ᠪᠢᠴᠢᠯᠭᠡ ᠶᠢᠨ ᠠᠩᠭᠢ ᠭᠠᠷᠠᠭ ᠤᠨ ᠨᠢᠭᠡᠨ ᠪᠠ ᠭᠠᠷᠠᠭ ᠤᠨ ᠭᠤᠷᠪᠠᠨ ᠤ ᠦᠳᠡ ᠶᠢᠨ ᠡᠮᠦᠨ᠎ᠡ ᠬᠢᠴᠢᠶᠡᠯ ᠡᠬᠢᠯᠡᠵᠦ᠂ ᠵᠢᠷᠭᠤᠭᠠᠨ ᠬᠢᠴᠢᠶᠡᠯ ᠣᠷᠣᠵᠤ᠂ ᠪᠠᠭᠰᠢ ᠠᠴᠠ ᠰᠤᠷᠤᠭᠴᠢᠳ ᠲᠤ ᠡᠯᠪᠡᠭ ᠪᠠᠶᠠᠯᠢᠭ ᠵᠢᠭᠠᠨ ᠰᠤᠷᠭᠠᠯᠲᠠ ᠶᠢᠨ ᠠᠭᠤᠯᠭ᠎ᠠ ᠶᠢ ᠪᠡᠯᠡᠳᠬᠡᠵᠦ᠂ ᠦᠰᠦᠨ ᠪᠢᠷ ᠢ ᠣᠶᠢᠯᠠᠭᠠᠬᠤ᠂ ᠪᠢᠷ ᠬᠡᠷᠡᠭᠯᠡᠬᠦ᠂ ᠥᠰᠥᠭ ᠤᠨ ᠪᠢᠴᠢᠭᠡᠰᠦ ᠶᠢ ᠰᠣᠩᠭᠤᠬᠤ ᠠᠴᠠ ᠠᠪᠤᠭᠠᠳ ᠦᠰᠦᠨ ᠪᠢᠷ ᠤᠨ ᠥᠰᠥᠭ ᠤᠨ ᠳᠤᠮᠳᠠ ᠦᠷᠭᠦᠯᠵᠢ ᠬᠠᠷᠠᠭᠳᠠᠳᠠᠭ ᠡᠪᠡᠳᠴᠢᠨ ᠤ ᠪᠢᠷ ᠢ ᠲᠠᠨᠢᠬᠤ ᠬᠦᠷᠲᠡᠯ᠎ᠡ ᠳᠠᠬᠢᠨ ᠦᠨᠳᠦᠰᠦᠨ ᠪᠢᠴᠢᠯᠭᠡ ᠶᠢᠨ ᠠᠷᠭ᠎ᠠ᠂ ᠠᠯᠬᠤᠮ ᠳᠠᠷᠠᠭ᠎ᠠ ᠲᠠᠢ ᠪᠠᠷ ᠤᠷᠤᠭᠰᠢᠯᠠᠬᠤ ᠵᠢᠭᠠᠨ ᠰᠤᠷᠭᠠᠯᠲᠠ ᠨᠢ ᠰᠤᠷᠤᠭᠴᠢᠳ ᠢ ᠰᠤᠷᠤᠯᠴᠠᠬᠤ ᠳᠤᠮᠳᠠ ᠤᠷᠠᠨ ᠪᠢᠴᠢᠯᠭᠡ ᠶᠢᠨ ᠬᠠᠪᠤ ᠴᠡᠩᠭᠡᠯ ᠢ ᠪᠡᠶᠡᠴᠢᠯᠡᠨ ᠣᠶᠢᠯᠠᠭᠠᠭᠤᠯᠪᠠ᠃ ᠬᠤᠯᠤ ᠶᠢᠨ ᠰᠢᠷᠬᠡᠭ ᠤᠨ ᠠᠩᠭᠢ᠂ ᠶᠤᠭ᠎ᠠ᠂ ᠮᠠᠨᠵᠤ ᠳᠡᠪᠡᠯ ᠤᠨ ᠦᠵᠡᠭᠦᠯᠦᠯᠭᠡ ᠶᠢᠨ ᠠᠩᠭᠢ ᠳᠤ ᠪᠠᠰᠠ ᠬᠥᠮᠦᠨ ᠳᠦᠭᠦᠷᠡᠩ ᠪᠠᠶᠢᠵᠤ᠂ ᠰᠤᠷᠤᠭᠴᠢᠳ ᠨᠢ ᠠᠩᠭᠢ ᠶᠢᠨ ᠭᠡᠷ ᠢᠶᠠᠷ ᠳᠦᠭᠦᠷᠪᠡ᠃     ︽ᠲᠤᠯᠤᠭᠠᠨ ᠥᠩᠭᠡᠳᠦ ᠠᠮᠢᠳᠤᠷᠠᠯ︾ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠨᠢ ᠰᠠᠭᠤᠭᠠᠯᠢ ᠠᠷᠠᠳ ᠤᠨ ᠦᠵᠡᠵᠦ ᠰᠣᠨᠢᠷᠬᠠᠬᠤ ᠳᠤᠷᠠᠲᠠᠶ ᠠᠵᠢᠯᠯᠠᠭ᠎ᠠ ᠳᠤᠮᠳᠠ᠂ ᠶᠣᠰᠣ ᠮᠣᠷᠠᠯ ᠤᠨ ᠡᠯᠧᠮᠧᠨ᠋ᠲ ᠢ ᠤᠷᠠᠨ ᠠᠮᠢᠳᠤᠯᠢᠭ ᠢᠶᠠᠷ ᠠᠭᠤᠰᠬᠠᠨ ᠣᠷᠣᠭᠤᠯᠵᠤ᠂ ᠤᠷᠠᠯᠢᠭ ᠢ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠵᠦ᠂ ᠨᠡᠶᠢᠭᠡᠮ ᠲᠣᠭᠤᠷᠢᠭ ᠤᠨ ᠥᠷᠭᠡᠨ ᠣᠯᠠᠨ ᠰᠠᠭᠤᠭᠠᠯᠢ ᠠᠷᠠᠳ ᠤᠨ ᠤᠷᠠᠯᠢᠭ ᠤᠨ ᠬᠡᠪ ᠪᠣᠯᠪᠠᠰᠤᠷᠠᠯ ᠪᠠ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠬᠠᠷᠢᠶ᠎ᠠ ᠣᠷᠣᠨ ᠤ ᠣᠯᠠᠨ ᠲᠦᠮᠡᠨ ᠤ ᠥᠷᠲᠡᠭ ᠤᠨ ᠦᠵᠡᠯᠲᠡ ᠶᠢ ᠥᠯᠥ ᠮᠡᠳᠡᠭᠳᠡᠮ᠎ᠡ ᠪᠠᠷ ᠨᠥᠯᠥᠭᠡᠯᠡᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠯᠠᠭᠤᠨ ᠬᠦᠷᠢᠶᠡᠯᠡᠯ ᠢ ᠣᠯᠤᠭᠰᠠᠨ ᠪᠠᠶᠢᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号