2020 ᠣᠨ ᠤ ᠠᠵᠢᠯ ᠢᠶᠠᠨ ᠳ᠋ᠦᠩᠨᠡᠨ ᠡᠷᠭᠢᠴᠡᠭᠦᠯᠵᠦ᠂ 2021 ᠣᠨ ᠤ ᠠᠵᠢᠯ ᠤᠨ ᠡᠭᠦᠷᠭᠡ ᠪᠠᠨ | ᠰᠤᠳᠤᠯᠤᠨ ᠪᠠᠶᠢᠷᠢᠯᠠᠭᠤᠯᠬᠤ ᠶᠢᠨ ᠲᠥᠯᠥᠭᠡ᠂ ᠸᠧ ᠨᠢᠦ ᠾᠧ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠲᠣᠪᠴᠢᠶ᠎ᠠ ᠣᠶᠢᠷ᠎ᠠ ᠳᠤ ᠵᠢᠯ ᠤᠨ ᠠᠵᠢᠯ ᠤᠨ ᠳ᠋ᠦᠩᠨᠡᠯᠲᠡ ᠶᠢᠨ ᠶᠡᠭᠡ ᠬᠤᠷᠠᠯ | ᠬᠤᠷᠠᠯᠳᠤᠭᠤᠯᠵᠤ᠂ ᠲᠣᠪᠴᠢᠶ᠎ᠠ ᠶᠢᠨ ᠪᠥᠬᠦ ᠠᠵᠢᠯᠲᠠᠨ ᠲᠣᠰ ᠤᠳᠠᠭ᠎ᠠ ᠶᠢᠨ ᠬᠤᠷᠠᠯ ᠳᠤ ᠣᠷᠣᠯᠴᠠᠪᠠ᠂ ᠬᠤᠷᠠᠯ ᠢ | ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ ᠵᠦ ᠪᠥᠸᠧ ᠡᠷᠭᠢᠯᠡᠪᠡ᠃ | ᠬᠤᠷᠠᠯ ᠳᠡᠭᠡᠷ᠎ᠡ᠂ ᠵᠦ ᠪᠥᠸᠧ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠪᠥᠬᠦ ᠲᠠᠯ᠎ᠠ ᠶᠢᠨ 2020 ᠣᠨ ᠤ | ᠡᠯ᠎ᠡ ᠵᠦᠢᠯ ᠤᠨ ᠠᠵᠢᠯ ᠢ ᠲᠥᠬᠦᠮ ᠢᠶᠠᠷ ᠡᠷᠭᠢᠴᠡᠭᠦᠯᠪᠡ᠂ ᠨᠢᠭᠡ ᠳᠤ ᠬᠠᠤᠯᠢ ᠬᠡᠷᠡᠭᠵᠢᠭᠦᠯᠬᠦ ᠪᠠᠶᠢᠴᠠᠭᠠᠯᠲᠠ ᠨᠢ | ᠵᠢᠷᠤᠮᠵᠢᠯ ᠲᠠᠢ ᠡᠮᠬᠢ ᠵᠢᠷᠤᠮ ᠲᠠᠢ ᠪᠣᠯᠪᠠ᠃ ᠪᠥᠬᠦ ᠵᠢᠯ ᠳᠤ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ | ᠨᠡᠶᠢᠲᠡ 60 ᠭᠠᠷᠤᠶ ᠤᠳᠠᠭ᠎ᠠ ᠥᠷᠨᠢᠭᠦᠯᠵᠦ᠂ ᠪᠠᠯᠭᠠᠰᠤ ᠶᠢᠨ ᠲᠣᠭᠤᠷᠢᠭ ᠤᠨ ᠥᠷᠯᠥᠭᠡ ᠶᠢᠨ ᠬᠤᠲᠠ᠂ ᠴᠤᠭᠯᠠᠭ᠎ᠠ | ᠮᠠᠶᠢᠮᠠᠶ ᠶᠢᠨ ᠡᠵᠡᠩᠨᠡᠯᠲᠡ ᠶᠢᠨ ᠳᠡᠯᠭᠡᠭᠦᠷᠴᠢᠨ ᠢ ᠬᠠᠮᠢᠶᠠᠷᠴᠤ᠂ ᠲᠣᠭᠲᠠᠭᠠᠯ ᠠᠴᠠ ᠵᠥᠷᠢᠴᠡᠨ ᠵᠠᠮ ᠡᠵᠡᠯᠡᠨ | ᠡᠵᠡᠩᠨᠡᠬᠦ ᠶᠢ ᠬᠤᠷᠢᠭᠯᠠᠵᠤ᠂ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠠᠵᠢᠯ ᠢ ᠰᠠᠶᠢᠲᠤᠷ ᠬᠢᠪᠠ᠃ | ᠬᠤᠶᠠᠷ ᠲᠤ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ ᠭᠦᠨᠵᠡᠭᠡᠶᠢᠷᠡᠪᠡ᠃ ᠡᠯ᠎ᠡ ᠲᠣᠰᠬᠤᠨ ᠤ ᠰᠠᠭᠤᠭᠠᠯᠢ | ᠠᠷᠠᠳ ᠤᠨ ᠳᠤᠷ᠎ᠠ ᠪᠠᠷ ᠪᠠᠷᠢᠯᠭ᠎ᠠ ᠪᠠᠷᠢᠬᠤ᠂ ᠬᠤᠭ ᠨᠣᠪᠰᠢ ᠶᠢ ᠳᠤᠷ᠎ᠠ ᠪᠠᠷ ᠬᠠᠶᠠᠬᠤ ᠦᠵᠡᠭᠳᠡᠯ ᠢ ᠬᠠᠮᠲᠤᠷᠠᠨ | ᠰᠢᠮᠳᠠᠭᠤᠯᠤᠨ ᠢᠯᠭᠠᠷᠠᠭᠤᠯᠵᠤ᠂ ᠵᠠᠮ ᠠᠯᠤᠰᠯᠠᠨ ᠡᠵᠡᠩᠨᠡᠯᠲᠡ ᠬᠢᠭᠰᠡᠨ ᠨᠡᠶᠢᠲᠡ 10 ᠭᠠᠷᠤᠶ ᠭᠠᠵᠠᠷ᠂ ᠨᠡᠭᠦᠳᠡᠯ | ᠳᠡᠯᠭᠡᠭᠡ ᠮᠠᠶᠢᠮᠠᠶ ᠶᠢᠨ ᠴᠢᠭ 5 ᠶᠢ ᠢᠯᠭᠠᠷᠠᠭᠤᠯᠵᠤ᠂ 12 ᠤᠳᠠᠭ᠎ᠠ ᠵᠠᠷᠯᠢᠭᠳᠠᠨ ᠰᠡᠷᠭᠦᠭᠡᠯᠭᠡᠬᠦ ᠶᠢᠨ ᠬᠠᠮᠲᠤ | ᠵᠠᠯᠠᠷᠠᠭᠤᠯᠵᠤ᠂ 2 ᠤᠳᠠᠭ᠎ᠠ ᠵᠠᠯᠠᠷᠠᠭᠤᠯᠪᠠ᠃ ᠭᠤᠷᠪᠠ ᠳᠤ ᠪᠣᠯᠪᠠᠰᠤᠨ ᠢ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠠᠩᠬ᠎ᠠ ᠠᠯᠬᠤᠮ ᠢᠯᠡᠷᠡᠪᠡ᠃ ᠵᠠᠯᠠᠨ ᠠᠶᠢᠯ ᠬᠤᠲᠠ ᠶᠢᠨ ᠲᠠᠰ ᠤᠨ ᠪᠣᠯᠪᠠᠰᠤᠨ ᠨᠢᠭᠡᠴᠡ ᠶᠢᠨ | ᠭᠤᠶᠤᠴᠢᠯᠠᠨ ᠮᠡᠳᠡᠭᠦᠯᠬᠦ ᠠᠵᠢᠯ ᠡᠮᠬᠢ ᠵᠢᠷᠤᠮ ᠲᠠᠢ ᠶᠠᠪᠤᠭᠳᠠᠵᠤ᠂ ᠣᠳᠣᠬᠠᠨ ᠳᠤ ᠨᠢᠭᠡᠨᠲᠡ ᠰᠢᠯᠭᠠᠨ ᠬᠢᠨᠠᠵᠤ | ᠰᠢᠯᠭᠠᠨ ᠠᠪᠬᠤ ᠱᠠᠲᠤᠨ ᠳᠤ ᠣᠷᠣᠪᠠ᠃ ᠳᠥᠷᠪᠡ ᠳᠤ ᠬᠠᠤᠯᠢ ᠬᠡᠷᠡᠭᠵᠢᠭᠦᠯᠬᠦ ᠤᠬᠠᠭᠤᠯᠭ᠎ᠠ ᠪᠥᠬᠦ ᠲᠠᠯ᠎ᠠ ᠪᠠᠷ | ᠡᠬᠢᠯᠡᠪᠡ᠃ ᠪᠦᠬᠦ ᠵᠢᠯ ᠳᠤ ᠡᠯ᠎ᠡ ᠱᠠᠲᠤᠨ ᠤ ᠬᠠᠮ ᠵᠠᠭᠤᠴᠢᠯᠠᠭᠤᠷ ᠤᠨ ᠲᠠᠪᠴᠠᠩ ᠳᠤ 10 ᠭᠠᠷᠤᠢ ᠠᠵᠢᠯ ᠤᠨ | ᠮᠡᠳᠡᠭᠡ ᠵᠠᠩᠭᠢ ᠶᠢ ᠨᠡᠶᠢᠲᠡᠯᠡᠵᠦ᠂ ᠤᠩᠰᠢᠭᠰᠠᠨ ᠬᠥᠮᠦᠨ ᠤ ᠲᠤᠭ᠎ᠠ ᠲᠦᠮᠡ ᠭᠠᠷᠤᠢ ᠬᠥᠮᠦᠨ ᠤᠳᠠᠭ᠎ᠠ ᠳᠤ ᠬᠦᠷᠴᠡᠢ | ᠃ ᠪᠠᠯᠭᠠᠰᠤ ᠣᠷᠣᠨ᠂ ᠠᠶᠢᠯ ᠲᠣᠰᠬᠤᠨ ᠤ ᠵᠠᠮ ᠤᠨ ᠬᠤᠶᠠᠷ ᠬᠠᠵᠠᠭᠤ ᠪᠠᠷ ᠵᠠᠭᠤ ᠰᠢᠬᠠᠮ ᠬᠠᠤᠯᠢ ᠬᠡᠷᠡᠭᠵᠢᠭᠦᠯᠬᠦ | ᠤᠬᠠᠭᠤᠯᠭ᠎ᠠ ᠶᠢᠨ ᠪᠢᠴᠢᠭᠡᠰᠦ ᠡᠯᠭᠦᠵᠦ᠂ ᠬᠠᠤᠯᠢ ᠬᠡᠷᠡᠭᠵᠢᠭᠦᠯᠦᠯᠲᠡ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ | ᠤᠯᠠᠮ ᠨᠢᠭᠡ ᠠᠯᠬᠤᠮ ᠴᠢᠩᠭᠠᠷᠠᠪᠠ᠃ | ᠵᠦ ᠪᠥᠸᠧ ᠣᠳᠣᠬᠠᠨ ᠤ ᠬᠠᠤᠯᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠵᠠᠷᠢᠮ ᠠᠰᠠᠭᠤᠳᠠᠯ ᠳᠤ | ᠵᠠᠳᠠᠯᠤᠯᠲᠠ ᠬᠢᠭᠰᠡᠨ ᠪᠥᠭᠡᠳ 2021 ᠣᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯ ᠢ ᠪᠠᠶᠢᠷᠢᠯᠠᠭᠤᠯᠪᠠ᠃ ᠪᠦᠬᠦ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯ ᠢ ᠬᠡᠷᠬᠢᠨ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ᠂ ᠵᠦ ᠪᠥᠸᠧ ᠵᠢᠭᠠᠵᠤ ᠭᠠᠷᠭᠠᠭᠰᠠᠨ ᠨᠢ᠂ ᠴᠠᠭ | ᠦᠶ᠎ᠡ ᠲᠠᠢ ᠵᠡᠷᠭᠡᠪᠡᠷ ᠤᠷᠤᠭᠰᠢᠯᠠᠬᠤ ᠶᠢᠨ ᠡᠭᠦᠳᠡᠨ ᠠᠴᠠ᠂ ᠨᠡᠭᠡᠭᠡᠨ ᠤᠷᠤᠭᠰᠢᠯᠠᠬᠤ ᠵᠣᠷᠢᠭ ᠰᠠᠨᠠᠭ᠎ᠠ᠂ ᠵᠣᠷᠢᠭᠲᠠᠶ | ᠲᠤᠷᠰᠢᠬᠤ᠂ ᠵᠣᠷᠢᠭᠲᠠᠶ ᠪᠠᠷ ᠰᠢᠨ᠎ᠡ ᠶᠢ ᠡᠭᠦᠳᠬᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ | ᠶᠢᠰᠦᠳᠦᠭᠡᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠤᠨ᠎ᠠ᠂ ᠲᠦᠷᠪᠡᠠ ᠳᠤᠮᠳᠠ᠂ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠪᠠᠶᠢᠭᠤᠯᠤᠨ | ᠪᠦᠷᠢᠨᠰᠢᠭᠦᠯᠬᠦ ᠬᠡᠷᠡᠭᠲᠡᠶ᠂ ᠶᠣᠰᠣ ᠶᠠᠷᠢᠬᠤ ᠬᠡᠯᠪᠡᠷᠢ ᠶᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠯᠠᠪᠳᠠᠭᠤᠨ ᠢᠶᠠᠷ | ᠲᠦᠯᠬᠢᠨ ᠠᠬᠢᠭᠤᠯᠤᠨ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠦᠨᠡᠮᠯᠡᠯ ᠲᠠᠢ ᠪᠠᠷ ᠠᠵᠢᠯ ᠤᠨ | ᠪᠠᠶᠢᠷᠢ ᠳᠤ ᠭᠠᠷᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠂ ᠡᠳᠦᠷ ᠲᠤᠲᠤᠮ ᠤᠨ ᠬᠠᠮᠢᠶᠠᠷᠤᠯᠲᠠ ᠶᠢᠨ | ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠂ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ᠂ ᠵᠠᠮ | ᠨᠡᠭᠡᠭᠡᠨ ᠰᠢᠨ᠎ᠡ ᠶᠢ ᠡᠭᠦᠳᠬᠦ ᠴᠢᠳᠠᠪᠤᠷᠢ᠂ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠨᠡᠮᠡᠭᠳᠡᠭᠦᠯᠬᠦ ᠬᠡᠷᠡᠭᠲᠡᠶ᠂ | ᠡᠬᠢ ᠪᠠᠶᠠᠯᠢᠭ ᠢ ᠡᠮᠬᠢᠯᠡᠨ ᠬᠠᠮᠢᠶᠠᠷᠬᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ | ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ ᠪᠣᠯᠤᠨ᠎ᠠ᠂ ᠸᠧ | ᠨᠢᠦ ᠾᠧ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠪᠠᠯᠭᠠᠰᠤᠨ ᠤ | ᠨᠠᠮ ᠤᠨ ᠬᠤᠷᠢᠶ᠎ᠠ᠂ ᠪᠠᠯᠭᠠᠰᠤᠨ ᠤ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠵᠥᠪ ᠵᠢᠯᠣᠭᠤᠳᠣᠯᠭ᠎ᠠ ᠳᠣᠤᠷ᠎ᠠ᠂ ᠠᠵᠠ ᠲᠣᠬᠢᠶᠠᠯ ᠢ ᠠᠮᠵᠢᠨ᠂ ᠬᠦᠴᠢᠷ ᠢ ᠳᠤᠭᠤᠯᠤᠨ ᠪᠡᠷᠬᠡ ᠶᠢ | ᠳᠠᠪᠠᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠴᠤᠭ ᠪᠠᠳᠠᠷᠠᠩᠭᠤᠶ ᠣᠶᠤᠨ ᠰᠠᠨᠠᠭᠠᠨ ᠤ ᠪᠠᠶᠢᠳᠠᠯ᠂ ᠪᠦᠯᠬᠦᠮᠳᠡᠯ ᠲᠠᠢ ᠡᠶ᠎ᠡ ᠵᠣᠬᠢᠴᠠᠩᠭᠤᠶ | ᠠᠵᠢᠯ ᠬᠢᠬᠦ ᠠᠭᠤᠷ ᠠᠮᠢᠰᠬᠤᠯ᠂ ᠪᠣᠳᠠᠲᠠᠶ ᠶᠢ ᠡᠷᠬᠢᠮᠯᠡᠬᠦ ᠥᠨᠳᠥᠷ ᠪᠦᠲᠦᠮᠵᠢᠲᠡᠶ ᠠᠵᠢᠯ ᠤᠨ ᠰᠤᠷᠲᠠᠯ ᠪᠣᠯᠤᠨ | ᠲᠥᠪ ᠭᠤᠤᠯᠴᠢ ᠠᠷᠢᠭᠤᠨ ᠴᠢᠬᠡᠴᠢ ᠪᠠᠷ ᠬᠠᠤᠯᠢ ᠬᠡᠷᠡᠭᠵᠢᠭᠦᠯᠬᠦ ᠳᠦᠷᠢ ᠲᠥᠷᠬᠦ ᠪᠠᠷ ᠸᠤ᠋ ᠨᠢᠦ ᠾᠧ ᠪᠠᠯᠭᠠᠰᠤᠨ ᠤ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠪᠥᠬᠦ ᠲᠠᠯ᠎ᠠ ᠪᠠᠷ ᠠᠬᠢᠭᠤᠯᠬᠤ ᠠᠵᠢᠯ ᠤᠨ | ᠳᠤᠮᠳᠠ ᠳᠠᠬᠢᠨᠲᠠ ᠭᠤᠶᠢᠳᠠ ᠰᠠᠶᠢᠬᠠᠨ ᠰᠢᠨ᠎ᠡ ᠬᠠᠭᠤᠳᠠᠰᠤ ᠶᠢ ᠪᠢᠴᠢᠭᠯᠡᠬᠦ ᠪᠣᠯᠤᠨ᠎ᠠ᠃ |