ᠠᠷᠪᠠᠨ ᠨᠠᠢᠮᠠᠳᠣᠭᠠᠷ ᠬᠤᠭᠤᠴᠠᠭᠠᠨ ᠤ ᠮᠦᠰᠦ ᠴᠠᠰᠣᠨ ᠤ ᠵᠤᠭᠠᠴᠠᠯ ᠤᠨ ︽ᠨᠠᠭᠠᠳᠣᠮ︾ ᠬᠠᠭᠤᠴᠢᠨ ᠪᠠᠷᠭᠤ ᠬᠤᠰᠢᠭᠤᠨ ᠳᠤ ᠶᠠᠪᠤᠭᠳᠠᠬᠤ ᠪᠠᠷ ᠪᠤᠢ
ᠨᠡᠶᠢᠲᠡᠯᠡᠭᠰᠡᠨ ᠴᠠᠭ᠄
2020/12/29
    ᠡᠮᠦᠨᠡᠬᠡᠨ᠂ ᠰᠤᠷᠪᠤᠯᠵᠢᠯᠠᠭᠴᠢ ᠬᠠᠭᠤᠴᠢᠨ ᠪᠠᠷᠭᠤ ᠬᠤᠰᠢᠭᠤᠨ ᠤ ᠡᠪ ᠬᠠᠮᠳᠣ ᠵᠠᠯᠠᠭᠤᠴᠤᠳ ᠤᠨ ᠡᠪᠯᠡᠯ ᠤᠨ ᠬᠤᠷᠢᠶ᠎ᠠ ᠠᠴᠠ ᠤᠶᠢᠯᠠᠭᠠᠭᠰᠠᠨ ᠢᠶᠠᠷ᠂ ᠠᠷᠪᠠᠨ ᠬᠤᠶᠠᠳᠣᠭᠠᠷ ᠰᠠᠷ᠎ᠠ ᠶᠢᠨ ᠬᠤᠷᠢᠨ ᠭᠤᠷᠪᠠᠨ ᠳᠤ᠂ ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠠᠷᠪᠠᠨ ᠨᠠᠢᠮᠠᠳᠣᠭᠠᠷ ᠬᠤᠭᠤᠴᠠᠭᠠᠨ ᠤ ᠮᠦᠰᠦ ᠴᠠᠰᠣᠨ ᠤ ᠵᠤᠭᠠᠴᠠᠯ ᠤᠨ ︽ᠨᠠᠭᠠᠳᠣᠮ︾ ᠬᠠᠭᠤᠴᠢᠨ ᠪᠠᠷᠭᠤ ᠬᠤᠰᠢᠭᠤᠨ ᠳᠤ ᠶᠠᠪᠤᠭᠳᠠᠬᠤ ᠪᠠᠷ ᠪᠠᠶᠢᠨ᠎ᠠ᠃ ᠬᠠᠭᠤᠴᠢᠨ ᠪᠠᠷᠭᠤ ᠬᠤᠰᠢᠭᠤᠨ ᠤ ᠮᠦᠰᠦ ᠴᠠᠰᠤᠨ ᠤ ᠵᠤᠭᠠᠴᠠᠯ ᠤᠨ ᠦᠪᠡᠷᠮᠢᠴᠡ ᠷᠢᠳᠢ ᠰᠢᠳᠢ ᠪᠠ ᠲᠠᠯ᠎ᠠ ᠨᠤᠳᠤᠭ ᠤᠨ ᠬᠦᠪᠡᠭᠦᠳ ᠦᠬᠢᠳ ᠤᠨ ᠴᠤᠭ ᠵᠢᠪᠬᠤᠭ᠎ᠠ ᠶᠢ ᠨᠡᠩ ᠰᠠᠶᠢᠨ ᠢᠯᠡᠷᠡᠭᠦᠯᠵᠦ᠂ ᠮᠦᠰᠦ ᠴᠠᠰᠤᠨ ᠤ ᠵᠤᠭᠠᠴᠠᠯ ᠤᠨ ︽ᠨᠠᠭᠠᠳᠣᠮ︾ ᠤᠨ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯ ᠢ ᠰᠠᠶᠢᠳᠣᠷ ᠬᠢᠬᠦ ᠶᠢᠨ ᠲᠦᠯᠦᠭᠡ᠂ ᠬᠠᠭᠤᠴᠢᠨ ᠪᠠᠷᠭᠤ ᠬᠤᠰᠢᠭᠤᠨ ᠤ ᠡᠪ ᠬᠠᠮᠳᠣ ᠵᠠᠯᠠᠭᠤᠴᠤᠳ ᠤᠨ ᠡᠪᠯᠡᠯ ᠤᠨ ᠬᠤᠷᠢᠶ᠎ᠠ ᠪᠦᠬᠦ ᠬᠤᠰᠢᠭᠤᠨ ᠠᠴᠠ ᠵᠠᠯᠠᠭᠤ ᠰᠠᠶᠢᠨ ᠲᠤᠷᠠᠴᠤᠤᠯ ᠢ ᠭᠤᠴᠢᠨ ᠨᠡᠷᠡᠰ ᠢᠯᠡ ᠪᠠᠷ ᠡᠯᠰᠡᠵᠦ᠂ ︽ᠵᠠᠯᠠᠭᠤ ᠰᠠᠶᠢᠨ ᠲᠤᠷᠠᠴᠤᠤᠯ ᠤᠨ ᠮᠦᠰᠦᠨ ᠴᠠᠰᠤᠨ ᠤ ᠵᠤᠭᠠᠴᠠᠯ ᠤᠨ ︿ᠨᠠᠭᠠᠳᠤᠮ﹀ ᠳᠤ ᠬᠦᠴᠦᠨ ᠨᠡᠮᠡᠷᠢᠯᠡᠬᠦ︾ ᠰᠠᠶᠢᠨ ᠲᠤᠷᠠᠴᠤᠤᠯ ᠤᠨ ᠦᠢᠯᠡᠴᠢᠯᠡᠭᠡᠨ ᠤ ᠠᠩᠬᠢ ᠶᠢ ᠵᠤᠬᠢᠶᠠᠨ ᠪᠠᠶᠢᠭᠤᠯᠬᠤ ᠪᠠᠷ ᠪᠠᠶᠢᠨ᠎ᠠ᠃     ᠤᠶᠢᠯᠠᠭᠠᠭᠰᠠᠨ ᠢᠶᠠᠷ᠂ ᠲᠤᠰ ᠤᠳᠠᠭᠠᠨ ᠤ ᠰᠠᠶᠢᠨ ᠲᠤᠷ᠎ᠠ ᠶᠢᠨ ᠦᠢᠯᠡᠴᠢᠯᠡᠭᠡᠨ ᠤ ᠴᠠᠭ ᠨᠢ ᠠᠷᠪᠠᠨ ᠬᠤᠶᠠᠳᠣᠭᠠᠷ ᠰᠠᠷ᠎ᠠ ᠶᠢᠨ ᠬᠤᠷᠢᠨ ᠭᠤᠷᠪᠠᠨ ᠤ ᠡᠳᠣᠷ ᠪᠠᠶᠢᠵᠦ᠂ ᠠᠷᠪᠠᠨ ᠬᠤᠶᠠᠳᠣᠭᠠᠷ ᠰᠠᠷ᠎ᠠ ᠶᠢᠨ ᠠᠷᠪᠠᠨ ᠨᠠᠢᠮᠠᠨ ᠪᠤᠯᠳᠠᠯ᠎ᠠ ᠨᠡᠷ᠎ᠡ ᠮᠡᠳᠡᠭᠦᠯᠦᠨ᠎ᠡ᠃ ᠰᠠᠶᠢᠨ ᠲᠤᠷ᠎ᠠ ᠶᠢᠨ ᠦᠢᠯᠡᠴᠢᠯᠡᠭᠡᠨ ᠤ ᠭᠤᠤᠯ ᠠᠭᠤᠯᠭ᠎ᠠ ᠨᠢ ᠶᠤᠰᠣᠯᠠᠯ ᠤᠨ ᠵᠤᠴᠢᠨ ᠢ ᠬᠦᠯᠢᠶᠡᠨ ᠠᠪᠴᠦ ᠵᠤᠴᠢᠯᠠᠬᠤ ᠳᠤ ᠬᠠᠮᠵᠢᠯᠴᠠᠬᠤ᠂ ᠠᠬᠤᠢ ᠲᠠᠯᠠᠪᠤᠷ ᠤᠨ ᠲᠠᠶᠢᠯᠪᠤᠷᠢᠯᠠᠬᠤ ᠦᠢᠯᠡᠴᠢᠯᠡᠭᠡ᠂ ᠠᠬᠤᠢ ᠲᠠᠯᠠᠪᠤᠷ ᠤᠨ ᠡᠮᠬᠢ ᠲᠢᠭᠯᠢᠮ ᠢ ᠬᠠᠮᠠᠭᠠᠯᠠᠬᠤ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠬᠠᠮᠢᠶᠠᠷᠬᠤ ᠵᠡᠷᠭᠡ ᠪᠠᠶᠢᠵᠦ᠂ ᠦᠢᠯᠡᠴᠢᠯᠡᠭᠡᠨ ᠤ ᠭᠠᠵᠠᠷ ᠨᠢ ᠮᠦᠰᠦ ᠴᠠᠰᠤᠨ ᠤ ᠵᠤᠭᠠᠴᠠᠯ ᠤᠨ ︽ᠨᠠᠭᠠᠳᠣᠮ︾ ᠤᠨ ᠠᠵᠢᠯᠯᠠᠭ᠎ᠠ ᠶᠢᠨ ᠠᠬᠤᠢ ᠲᠠᠯᠠᠪᠤᠷ ᠪᠤᠯᠤᠨ᠎ᠠ᠃ ᠨᠡᠷ᠎ᠡ ᠮᠡᠳᠡᠭᠦᠯᠬᠦ ᠰᠠᠨᠠᠭ᠎ᠠ ᠲᠠᠢ ᠪᠤᠯ ᠶᠢᠰᠣᠨ ᠴᠠᠭ ᠠᠴᠠ ᠠᠷᠪᠠᠨ ᠵᠢᠷᠭᠤᠭᠠᠨ ᠴᠠᠭ ᠤᠨ ᠬᠤᠭᠤᠷᠤᠨᠲᠤ 0470 — 6717038 ᠳᠤ ᠤᠳᠠᠰᠣᠳᠠᠵᠦ ᠨᠡᠷ᠎ᠡ ᠮᠡᠳᠡᠭᠦᠯᠵᠦ ᠪᠤᠯᠤᠨ᠎ᠠ ᠃ ᠪᠠᠰᠠ ᠸᠢᠴᠠᠲ ᠤᠨ ᠤᠯᠠᠨ ᠨᠡᠶᠢᠳᠡ ᠶᠢᠨ ᠲᠠᠪᠴᠠᠩ ︽ᠬᠠᠭᠤᠴᠢᠨ ᠪᠠᠷᠭᠤ ᠬᠤᠰᠢᠭᠤᠨ ᠤ ᠡᠪ ᠬᠠᠮᠳᠣ ᠵᠠᠯᠠᠭᠤᠴᠤᠳ ᠤᠨ ᠡᠪᠯᠡᠯ ᠤᠨ ᠬᠤᠷᠢᠶ᠎ᠠ︾ ᠶᠢ ᠠᠩᠬᠠᠷᠴᠦ᠂ ᠬᠤᠯᠪᠤᠭᠳᠠᠯ ᠪᠦᠬᠦᠢ ᠪᠢᠴᠢᠭᠡᠰᠣ ᠶᠢᠨ ᠮᠡᠷᠭᠡᠨ ᠴᠤᠬᠤᠷ ᠢ ᠰᠢᠷᠪᠢᠵᠦ ᠨᠡᠷ᠎ᠡ ᠮᠡᠳᠡᠭᠦᠯᠵᠦ ᠪᠤᠯᠤᠨ᠎ᠠ᠃
 
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号