ᠨᠠᠢᠮᠠᠳᠤᠭᠠᠷ ᠬᠤᠭᠤᠴᠠᠭᠠᠨ ᠤ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 133 ᠳ᠋ᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/29
    12 ᠰᠠᠷ᠎ᠠ ᠶᠢᠨ 28 ᠤ ᠡᠳᠦᠷ᠂ ᠨᠠᠢᠮᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 133 ᠳ᠋ᠤᠭᠠᠷ ᠬᠤᠷᠠᠯᠳᠤᠭᠠᠨ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠢᠩᠭᠤ ᠶᠢᠨ ᠬᠤᠷᠢᠶ᠎ᠠ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠲᠡᠷᠢᠭᠦᠯᠡᠭᠴᠢ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃
    ᠬᠤᠷᠠᠯ ᠠᠴᠠ ᠦᠨᠳᠦᠰᠦᠲᠡᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠥᠯᠥᠨ ᠪᠤᠶᠢᠷ ᠬᠤᠲᠠ ᠶᠢᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠣᠶᠢᠷ᠎ᠠ ᠶᠢᠨ ᠬᠤᠭᠤᠴᠠᠭᠠᠨ ᠤ ᠦᠨᠳᠦᠰᠦᠲᠡᠨ ᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠣᠶᠢᠷ᠎ᠠ ᠶᠢᠨ ᠬᠤᠭᠤᠴᠠᠭᠠᠨ ᠤ ᠦᠨᠳᠦᠰᠦᠲᠡᠨ ᠤ ᠠᠵᠢᠯ ᠢ ᠰᠠᠶᠢᠲᠤᠷ ᠬᠢᠬᠦ ᠲᠤᠬᠠᠶ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃     ᠬᠤᠷᠠᠯ ᠠᠴᠠ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠵᠥᠪ ᠴᠢᠭᠯᠡᠯ ᠢ ᠢᠮᠠᠭᠲᠠ ᠪᠠᠷᠢᠮᠲᠠᠯᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ︾ ᠪᠠᠷ ᠭᠤᠤᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠣᠷᠣᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠥᠷᠭᠡᠨ ᠢᠶᠠᠷ ᠰᠢᠨ᠎ᠡ ᠶᠢ ᠡᠭᠦᠳᠦᠨ ᠥᠷᠨᠢᠭᠦᠯᠵᠦ᠂ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠠᠶᠢᠨ ᠰᠠᠶᠢᠬᠠᠨ ᠠᠭᠤᠷ ᠠᠮᠢᠰᠬᠤᠯ ᠢ ᠶᠡᠭᠡ ᠪᠠᠷ ᠪᠣᠶ ᠪᠣᠯᠭᠠᠵᠤ᠂ ᠪᠥᠬᠦ ᠬᠤᠲᠠ ᠶᠢᠨ ᠦᠨᠳᠦᠰᠦᠲᠡᠨ ᠨᠥᠬᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠭᠤᠷᠪᠠᠨ ᠰᠠᠯᠵᠤ ᠴᠢᠳᠠᠬᠤ ᠥᠬᠡᠶ︾ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ︽ᠲᠠᠪᠤᠨ ᠬᠠᠮᠲᠤ ᠶᠢᠨ ᠲᠠᠨᠢᠯᠲᠠ︾ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠶ᠃     ᠬᠤᠷᠠᠯ ᠠᠴᠠ ︽ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ︾ ᠶᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃ ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠬᠦᠷᠢᠶ᠎ᠡ᠂ ᠡᠯ᠎ᠡ ᠲᠠᠯ᠎ᠠ᠂ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃
 
ᠢᠷᠡᠯᠲᠡ᠄ ᠵᠠᠯᠠᠨ ᠠᠶᠢᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号