ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠮᠡᠳᠡᠪᠡᠯ ᠵᠣᠬᠢᠬᠤ ᠬᠤᠷᠠᠯ
ᠨᠡᠶᠢᠲᠡᠯᠡᠭᠰᠡᠨ ᠴᠠᠭ᠄
2020/12/29
    ᠲᠣᠰ ᠤᠳᠠᠭᠠᠨ ᠤ ᠬᠤᠭᠤᠴᠠᠭ᠎ᠠ ᠰᠣᠯᠢᠬᠤ ᠳᠤ ᠵᠢᠱᠢᠭᠳᠡᠭᠴᠢ ᠶᠢ ᠬᠢᠨᠠᠨ ᠪᠠᠶᠢᠴᠠᠭᠠᠵᠤ ᠶᠢ ᠴᠢᠩᠳᠠᠯᠠᠵᠤ᠂ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠳᠤ ︽ᠳᠥᠷᠪᠡᠨ ᠡᠷᠬᠡᠪᠰᠢ︾ ᠶᠢᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ ᠶᠠᠪᠤᠭᠳᠠᠭᠤᠯᠤᠨ᠎ᠠ᠂ ᠪᠣᠳᠠᠲᠠᠶ ᠪᠠᠷ ᠬᠡᠷᠬᠢᠨ ᠥᠷᠨᠢᠭᠦᠯᠬᠦ ᠪᠣᠶ︖     ᠬᠠᠷᠢᠭᠤᠯᠲᠠ᠄ ᠨᠠᠮ ᠤᠨ ᠭᠡᠰᠢᠭᠦᠨ ᠤ ᠲᠠᠩᠰᠠ ᠡᠪᠬᠡᠮᠡᠯ ᠢ ᠵᠠᠪᠠᠯ ᠬᠢᠨᠠᠨ ᠪᠠᠶᠢᠴᠠᠭᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠ ᠠᠰᠠᠭᠤᠳᠠᠯ ᠤᠨ ᠰᠦᠪᠡᠭᠴᠢ ᠶᠢ ᠵᠠᠪᠠᠯ ᠬᠢᠨᠠᠨ ᠬᠠᠷᠭᠤᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠰᠠᠨᠠᠯ ᠢ ᠵᠠᠪᠠᠯ ᠰᠣᠨᠣᠰᠴᠤ᠂ ᠵᠠᠬᠢᠳᠠᠯ ᠰᠤᠷᠪᠤᠯᠵᠢᠯᠠᠭ᠎ᠠ ᠢᠯᠡᠴᠢᠯᠡᠨ ᠮᠡᠳᠡᠭᠦᠯᠦᠯᠲᠡ ᠶᠢ ᠵᠠᠪᠠᠯ ᠪᠠᠶᠢᠴᠠᠭᠠᠵᠤ᠂ ︽ᠡᠪᠡᠳᠴᠢᠨ ᠲᠠᠢ ᠪᠠᠷ ᠰᠣᠩᠭᠤᠭᠳᠠᠬᠤ︾ ᠶᠢ ᠡᠷᠡᠰ ᠰᠡᠷᠭᠡᠶᠢᠯᠡᠨ᠎ᠡ᠃     ︽ᠳᠥᠷᠪᠡᠨ ᠠᠮᠠᠯᠠᠯᠲᠠ ᠶᠢᠨ ᠪᠢᠴᠢᠭ︾ ᠤᠨ ᠠᠭᠤᠯᠠᠨ᠎ᠠ ᠨᠢ ᠶᠠᠭᠤ ᠪᠣᠶ︖     ᠬᠠᠷᠢᠭᠤᠯᠲᠠ᠄ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠭᠠᠴᠠᠭ᠎ᠠ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠳᠤ᠂ ᠵᠢᠱᠢᠭᠳᠡᠭᠴᠢ ᠶᠢᠨ ᠠᠵᠢᠯ ᠥᠷᠢᠰᠦᠯᠳᠦᠬᠦ ᠠᠮᠠᠯᠠᠯᠲᠠ᠂ ᠲᠤᠰᠢᠶᠠᠯ ᠠᠴᠠ ᠪᠠᠨ ᠪᠠᠭᠤᠬᠤ ᠠᠮᠠᠯᠠᠯᠲᠠ᠂ ᠴᠢᠬᠡᠴᠢ ᠵᠠᠰᠠᠭ ᠤᠨ ᠠᠮᠠᠯᠠᠯᠲᠠ ᠪᠣᠯᠤᠨ ᠦᠢᠯᠡᠰ ᠴᠣᠭᠴᠠᠯᠠᠬᠤ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃     ᠬᠡᠷᠬᠢᠨ ᠭᠠᠭᠴᠠᠭᠠᠷ ᠡᠭᠦᠷᠭᠡᠯᠡᠬᠦ ᠶᠢ ᠬᠡᠷᠡᠭᠵᠢᠭᠦᠯᠬᠦ ᠪᠣᠶ︖     ᠬᠠᠷᠢᠭᠤᠯᠲᠠ᠄ ᠨᠥᠬᠦᠴᠡᠯ ᠲᠠᠢ ᠭᠠᠵᠠᠷ ᠣᠷᠣᠨ ᠳᠤ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠬᠠᠤᠯᠢ ᠳᠤ ᠲᠣᠭᠲᠠᠭᠠᠭᠰᠠᠨ ᠵᠢᠷᠤᠮ ᠢᠶᠠᠷ ᠳᠠᠮᠵᠢᠭᠤᠯᠤᠨ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠬᠦ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠬᠡᠷᠡᠭᠵᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠬᠡᠷᠡᠭᠲᠡᠶ᠂ ᠨᠢᠭᠡ ᠯᠡ ᠠᠳᠠᠯᠢ ᠪᠠᠷ ᠱᠠᠭᠠᠷᠳᠠᠵᠤ ᠪᠣᠯᠬᠤ ᠦᠭᠡᠶ᠃ ᠲᠤᠰ ᠭᠠᠴᠠᠭ᠎ᠠ ᠲᠣᠰᠬᠤᠨ ᠳᠤ ᠲᠦᠷ ᠴᠠᠭ ᠲᠣᠬᠢᠷᠠᠬᠤ ᠬᠥᠮᠦᠨ ᠦᠭᠡᠶ᠂ ᠳᠣᠷᠣᠭᠰᠢ ᠲᠣᠮᠢᠯᠠᠭᠰᠠᠨ ᠺᠠᠳ᠋ᠷ ᠢᠶᠠᠷ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠢ ᠡᠭᠦᠷᠭᠡᠯᠡᠭᠦᠯᠬᠦ ᠳᠤ ᠡᠩ ᠤᠨ ᠪᠠᠶᠢᠳᠠᠯ ᠳᠤ ︽ᠨᠢᠭᠡ ᠯᠡ ᠡᠭᠦᠷᠭᠡ ᠡᠭᠦᠷᠭᠡᠯᠡᠬᠦ︾ ᠶᠢ ᠬᠡᠷᠡᠭᠵᠢᠭᠦᠯᠬᠦ ᠦᠭᠡᠶ᠂ ᠲᠤᠰ ᠭᠠᠴᠠᠭ᠎ᠠ ᠲᠣᠰᠬᠤᠨ ᠳᠠᠭᠠᠨ ᠬᠤᠶᠢᠰᠢᠳᠠ ᠶᠢᠨ ᠲᠣᠬᠢᠷᠠᠮᠵᠢᠲᠠᠶ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠵᠢᠱᠢᠭᠳᠡᠭᠴᠢ ᠶᠢ ᠬᠥᠮᠦᠵᠢᠭᠦᠯᠦᠨ ᠬᠠᠪᠰᠤᠷᠬᠤ ᠪᠠᠷ ᠬᠦᠴᠦᠯᠡᠨ ᠴᠢᠷᠮᠠᠶᠢᠬᠤ ᠬᠡᠷᠡᠭᠲᠡᠶ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢᠶᠠᠷ ᠳᠠᠮᠵᠢᠭᠤᠯᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠬᠦ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠶ᠃     ᠬᠤᠭᠤᠴᠠᠭ᠎ᠠ ᠰᠣᠯᠢᠬᠤ ᠰᠣᠩᠭᠤᠭᠤᠯᠢ ᠶᠢᠨ ᠬᠢᠨᠠᠯᠲᠠ ᠰᠡᠷᠭᠡᠶᠢᠯᠡᠯᠲᠡ ᠶᠢ ᠴᠢᠩᠭᠠᠳᠬᠠᠬᠤ ︽ᠭᠤᠷᠪᠠᠨ ᠪᠥᠬᠦ ᠶᠠᠪᠤᠴᠠ︾ ᠶᠢᠨ ᠠᠷᠭ᠎ᠠ ᠨᠢ ᠶᠠᠭᠤ ᠪᠣᠶ︖     ᠬᠠᠷᠢᠭᠤᠯᠲᠠ᠄ ︽ᠭᠤᠷᠪᠠᠨ ᠪᠥᠬᠦ ᠶᠠᠪᠤᠴᠠ︾᠄ ᠥᠷᠢᠰᠥᠯᠳᠦᠭᠡᠨ ᠳᠤ ᠣᠷᠣᠯᠴᠠᠭᠰᠠᠨ ᠨᠠᠮ ᠤᠨ ᠭᠡᠰᠢᠭᠦᠨ ᠣᠯᠠᠨ ᠲᠦᠮᠡᠨ ᠪᠥᠬᠦ ᠶᠠᠪᠤᠴᠠ ᠳᠤ ᠭᠠᠷ ᠤᠨ ᠥᠰᠥᠭ ᠵᠢᠷᠤᠵᠤ᠂ ᠰᠤᠮᠤ ᠰᠢᠶᠠᠩ ᠪᠠᠯᠭᠠᠰᠤ ᠶᠢᠨ ᠰᠣᠩᠭᠤᠭᠤᠯᠢ ᠶᠢᠨ ᠠᠵᠢᠯ ᠤᠨ ᠪᠠᠶᠢᠭᠤᠯᠤᠮᠵᠢ ᠪᠥᠬᠦ ᠶᠠᠪᠤᠴᠠ ᠳᠤ ᠣᠷᠣᠯᠴᠠᠵᠤ᠂ ᠡᠯ᠎ᠡ ᠱᠠᠲᠤᠨ ᠤ ᠰᠢᠮᠳᠠᠭᠤᠯᠤᠨ ᠵᠢᠯᠣᠭᠤᠳᠬᠤ ᠳᠤᠭᠤᠶᠢᠯᠠᠩ ᠪᠥᠬᠦ ᠶᠠᠪᠤᠴᠠ ᠳᠤ ᠵᠢᠯᠣᠭᠤᠳᠤᠨ᠎ᠠ᠃
 
ᠢᠷᠡᠯᠲᠡ᠄ ᠵᠠᠯᠠᠨ ᠠᠶᠢᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号