ᠵᠠᠯᠠᠨ ᠠᠶᠢᠯ ᠬᠤᠲᠠ ᠶᠢᠨ ᠡᠮᠡᠭᠲᠡᠶᠢᠴᠦᠳ ᠤᠨ ᠳᠥᠷᠪᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠬᠡᠯ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/29
    12 ᠰᠠᠷ᠎ᠠ ᠶᠢᠨ 28 ᠤ ᠦᠳᠡ ᠶᠢᠨ ᠬᠤᠶᠢᠨ᠎ᠠ᠂ ᠵᠠᠯᠠᠨ ᠠᠶᠢᠯ ᠬᠤᠳᠠ ᠶᠢᠨ ᠡᠮᠡᠭᠲᠡᠶᠢᠴᠦᠳ ᠤᠨ ᠳᠥᠷᠪᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠬᠡᠯ ᠬᠤᠷᠠᠯ ᠰᠢᠨ ᠭᠠᠩ ᠶᠡᠭᠡ ᠪᠠᠭᠤᠳᠠᠯ ᠤᠨ ᠬᠤᠷᠠᠯ ᠤᠨ ᠭᠡᠷ ᠲᠤ ᠬᠤᠷᠠᠯᠳᠤᠪᠠ᠃ ᠪᠥᠬᠦ ᠬᠤᠲᠠ ᠶᠢᠨ ᠡᠯ᠎ᠡ ᠹᠷᠣᠨᠲ ᠠᠴᠠ ᠢᠷᠡᠭᠰᠡᠨ 170 ᠲᠥᠯᠥᠭᠡᠯᠡᠭᠴᠢ ᠬᠤᠷᠠᠯ ᠳᠤ ᠣᠷᠣᠯᠴᠠᠵᠤ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠴᠢᠦᠶ ᠠᠨ ᠬᠤᠩ ᠬᠤᠷᠠᠯ ᠢ ᠡᠷᠭᠢᠯᠡᠪᠡ᠃     ᠬᠤᠷᠠᠯ ᠠᠴᠠ ᠵᠠᠯᠠᠨ ᠠᠶᠢᠯ ᠬᠤᠲᠠ ᠶᠢᠨ ᠳᠥᠷᠪᠡᠳᠦᠭᠡᠷ ᠤᠳᠠᠭ᠎ᠠ ᠶᠢᠨ ᠡᠮᠡᠭᠲᠡᠶᠢᠴᠦᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠬᠡᠯ ᠠᠵᠢᠯ ᠤᠨ ᠮᠡᠳᠡᠭᠦᠯᠦᠯᠲᠡ ᠵᠢᠴᠢ ᠡᠯ᠎ᠡ ᠲᠥᠯᠥᠭᠡᠯᠡᠭᠴᠢᠳ ᠤᠨ ᠪᠦᠯᠬᠦᠮ ᠤᠨ ᠬᠤᠪᠢᠶᠠᠷᠢ ᠪᠦᠯᠬᠦᠮ ᠤᠨ ᠪᠠᠶᠢᠳᠠᠯ ᠢ ᠰᠣᠨᠣᠰᠪᠠ︔ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ᠂ ᠨᠠᠷᠢᠨ ᠪᠢᠴᠢᠭ ᠤᠨ ᠳᠠᠷᠤᠭ᠎ᠠ᠂ ᠳᠡᠳ᠋ ᠨᠠᠷᠢᠨ ᠪᠢᠴᠢᠭ ᠤᠨ ᠳᠠᠷᠤᠭ᠎ᠠ᠂ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠤ ᠰᠠᠨᠠᠭᠤᠯᠭ᠎ᠠ ᠶᠢᠨ ᠨᠡᠷᠡᠰ ︵ᠲᠥᠰᠦᠯ︶᠂ ᠶᠡᠭᠡ ᠬᠤᠷᠠᠯ ᠤᠨ ᠵᠥᠪᠯᠡᠬᠦ ᠵᠦᠶ᠋ᠯ ︵ᠲᠥᠰᠦᠯ︶ ᠵᠢᠴᠢ ︽ᠵᠠᠯᠠᠨ ᠠᠶᠢᠯ ᠬᠤᠲᠠ ᠶᠢᠨ ᠡᠮᠡᠭᠲᠡᠶᠢᠴᠦᠳ ᠤᠨ ᠳᠥᠷᠪᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ︾ ︵ᠲᠥᠰᠦᠯ︶ ᠶᠢ ᠪᠠᠲᠤᠯᠠᠪᠠ᠃     ᠪᠡᠯᠡᠳᠬᠡᠯ ᠬᠤᠷᠠᠯ ᠳᠠᠭᠤᠰᠤᠭᠰᠠᠨ ᠤ ᠳᠠᠷᠠᠭ᠎ᠠ᠂ ᠤᠷᠢᠳ ᠬᠤᠵᠢᠳ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠺᠣᠮᠢᠰ ᠤᠨ ᠬᠤᠷᠠᠯᠳᠤᠭᠠᠨ ᠪᠠ ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠪᠦᠬᠦᠳᠡ ᠬᠤᠷᠠᠯ ᠢ ᠬᠤᠷᠠᠯᠳᠤᠭᠤᠯᠪᠠ᠃ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠬᠤᠷᠠᠯ ᠳᠡᠭᠡᠷ᠎ᠡ᠂ ︽ᠵᠠᠯᠠᠨ ᠠᠶᠢᠯ ᠬᠤᠲᠠ ᠶᠢᠨ ᠳᠥᠷᠪᠡᠳᠦᠭᠡᠷ ᠤᠳᠠᠭᠠᠨ ᠤ ᠡᠮᠡᠭᠲᠡᠶᠢᠴᠦᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ︾ ︵ᠲᠥᠰᠦᠯ︶ ᠶᠢ ᠰᠣᠨᠣᠰᠴᠤ ᠪᠠᠲᠤᠯᠠᠪᠠ︔ ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠪᠦᠬᠦᠳᠡ ᠬᠤᠷᠠᠯ ᠳᠡᠭᠡᠷ᠎ᠡ ᠵᠠᠯᠠᠨ ᠠᠶᠢᠯ ᠬᠤᠳᠠ ᠶᠢᠨ ᠳᠥᠷᠪᠡᠳᠦᠭᠡᠷ ᠤᠳᠠᠭ᠎ᠠ ᠶᠢᠨ ᠡᠮᠡᠭᠲᠡᠶᠢᠴᠦᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳᠦᠷ ᠤᠨ ᠳᠠᠷᠠᠭᠠᠯᠠᠯ ︵ᠲᠥᠰᠦᠯ︶᠂ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠶᠢᠨ ᠰᠠᠨᠠᠭᠤᠯᠭ᠎ᠠ ᠶᠢᠨ ᠨᠡᠷᠡᠰ᠂ ᠤᠳᠠᠭ᠎ᠠ ᠪᠦᠷᠢ ᠶᠢᠨ ᠪᠦᠬᠦᠳᠡ ᠬᠤᠷᠠᠯ ᠤᠨ ᠭᠦᠢᠴᠡᠳᠬᠡᠬᠦ ᠲᠡᠷᠢᠭᠦᠯᠡᠭᠴᠢ ᠶᠢᠨ ᠰᠠᠨᠠᠭᠤᠯᠭ᠎ᠠ ᠶᠢᠨ ᠨᠡᠷᠡᠰ ︵ᠲᠥᠰᠦᠯ︶ ᠵᠢᠴᠢ ︽ᠵᠠᠯᠠᠨ ᠠᠶᠢᠯ ᠬᠤᠳᠠ ᠶᠢᠨ ᠡᠮᠡᠭᠲᠡᠶᠢᠴᠦᠳ ᠤᠨ ᠳᠥᠷᠪᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠲᠤᠬᠠᠢ ᠮᠡᠳᠡᠭᠦᠯᠦᠯᠲᠡ︾ ︵ᠲᠥᠰᠦᠯ︶ ᠶᠢ ᠬᠢᠨᠠᠨ ᠵᠥᠪᠯᠡᠵᠦ ᠪᠠᠲᠤᠯᠠᠪᠠ᠃     ᠪᠦᠬᠦ ᠲᠥᠯᠥᠭᠡᠯᠡᠭᠴᠢᠳ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠵᠣᠷᠢᠭ ᠰᠠᠨᠠᠭ᠎ᠠ ᠪᠠ ᠪᠦᠯᠬᠦᠮᠳᠡᠨ ᠦᠨᠡᠨ ᠢ ᠪᠠᠷᠢᠮᠲᠠᠯᠠᠬᠤ ᠰᠤᠷᠲᠠᠯ ᠢᠶᠠᠷ ᠶᠡᠭᠡ ᠬᠤᠷᠠᠯ ᠤᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠤᠷᠠᠯᠳᠤᠭᠠᠨ ᠢ ᠪᠦᠯᠬᠦᠮᠳᠡᠯ ᠲᠠᠢ ᠠᠷᠠᠳᠴᠢᠯᠠᠯ ᠲᠠᠢ᠂ ᠨᠡᠭᠡᠭᠡᠨ ᠤᠷᠤᠭᠰᠢᠯᠠᠬᠤ ᠵᠠᠯᠠᠨ ᠡᠮᠡᠭᠲᠡᠶᠢᠴᠦᠳ ᠤᠨ ᠦᠪᠡᠳᠡᠭᠰᠢ ᠬᠤᠷᠠᠯ ᠪᠣᠯᠭᠠᠨ ᠬᠤᠷᠠᠯᠳᠤᠭᠤᠯᠬᠤ ᠬᠡᠷᠡᠭᠲᠡᠢ ᠭᠡᠵᠦ ᠶᠡᠭᠡ ᠬᠤᠷᠠᠯ ᠠᠴᠠ ᠱᠠᠭᠠᠷᠳᠠᠪᠠ᠃
 
ᠢᠷᠡᠯᠲᠡ᠄ ᠵᠠᠯᠠᠨ ᠠᠶᠢᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号