ᠭᠤᠤ ᠲᠠᠢ ᠽᠢ ᠵᠡᠭᠡᠯᠢ ᠭᠤᠳᠤᠮᠵᠢ ᠴᠡᠷᠢᠭ ᠡᠯᠰᠡᠬᠦ ᠤᠬᠠᠭᠤᠯᠭ᠎ᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2020/12/29
    ᠴᠡᠷᠢᠭ ᠡᠯᠰᠡᠬᠦ ᠠᠵᠢᠯ ᠢ ᠢᠳᠡᠪᠬᠢᠲᠡᠶ ᠰᠠᠶᠢᠲᠤᠷ ᠬᠢᠵᠦ᠂ ᠬᠠᠷᠢᠶ᠎ᠠ ᠣᠷᠣᠨ ᠤ ᠪᠠᠨ ᠵᠣᠬᠢᠬᠤ ᠨᠠᠰᠤᠨ ᠤ ᠵᠠᠯᠠᠭᠤᠴᠤᠳ ᠲᠤ ᠴᠡᠷᠢᠭ ᠡᠯᠰᠡᠬᠦ ᠠᠵᠢᠯ ᠤᠨ ᠠᠭᠤᠯᠭ᠎ᠠ ᠪᠣᠯᠤᠨ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠴᠡᠷᠢᠭ ᠲᠤ ᠡᠯᠰᠡᠬᠦ ᠬᠠᠯᠠᠭᠤᠨ ᠰᠡᠳᠬᠢᠯᠭᠡ ᠶᠢ ᠨᠢ ᠬᠥᠭᠵᠢᠭᠡᠬᠦ ᠶᠢᠨ ᠲᠤᠰᠠᠳᠠ᠃ 12 ᠳ᠋ᠤᠭᠠᠷ ᠰᠠᠷ᠎ᠠ ᠶᠢᠨ 28 ᠤ ᠡᠳᠦᠷ᠂ ᠭᠤᠤ ᠲᠠᠢ ᠽᠢ ᠵᠡᠭᠡᠯᠢ ᠭᠤᠳᠤᠮᠵᠢ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ᠨᠡᠶᠢᠭᠡᠮ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠴᠡᠷᠢᠭ ᠡᠯᠰᠡᠬᠦ ᠤᠬᠠᠭᠤᠯᠭ᠎ᠠ ᠶᠢᠨ ᠠᠵᠢᠯ ᠢ ᠢᠳᠡᠪᠬᠢᠲᠡᠶ ᠥᠷᠨᠢᠭᠦᠯᠪᠡ᠃     ᠤᠬᠠᠭᠤᠯᠭ᠎ᠠ ᠶᠢᠨ ᠶᠠᠪᠤᠴᠠ ᠳᠤ᠂ ᠨᠡᠶᠢᠭᠡᠮ ᠲᠣᠭᠤᠷᠢᠭ ᠨᠢ ᠨᠠᠶᠢᠵᠠ ᠶᠢᠨ ᠲᠣᠭᠤᠷᠢᠭ᠂ ᠸᠢᠴᠠᠲ ᠤᠨ ᠴᠤᠭᠯᠠᠷᠠᠯ᠂ ᠤᠬᠠᠭᠤᠯᠭ᠎ᠠ ᠶᠢᠨ ᠪᠤᠯᠤᠩ ᠵᠡᠷᠭᠡ ᠶᠢ ᠬᠦᠢᠴᠡᠳ ᠠᠰᠢᠭᠯᠠᠨ ᠴᠡᠷᠢᠭ ᠲᠤ ᠡᠯᠰᠡᠭᠳᠡᠬᠦ ᠠᠭᠤᠷ ᠠᠮᠢᠰᠬᠤᠯ ᠢ ᠪᠣᠶ ᠪᠣᠯᠭᠠᠪᠠ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠠᠵᠢᠯᠲᠠᠨ ᠰᠠᠭᠤᠭᠠᠯᠢ ᠠᠷᠠᠳ ᠲᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠴᠡᠷᠢᠭ ᠡᠯᠰᠡᠬᠦ ᠶᠢᠨ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠵᠣᠬᠢᠬᠤ ᠨᠠᠰᠤᠨ ᠤ ᠵᠠᠯᠠᠭᠤᠴᠤᠳ ᠵᠢᠴᠢ ᠭᠡᠷ ᠪᠦᠯᠢ ᠶᠢᠨ ᠬᠢᠨ ᠳᠤ ︽ᠴᠡᠷᠢᠭ ᠤᠨ ᠠᠯᠪᠠᠨ ᠤ ᠬᠠᠤᠯᠢ︾᠂ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠠᠤᠯᠢ︾ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠵᠤ᠂ ᠴᠡᠷᠢᠭ ᠡᠯᠰᠡᠬᠦ ᠤᠬᠠᠭᠤᠯᠭ᠎ᠠ ᠶᠢᠨ ᠠᠵᠢᠯ ᠢ ᠨᠠᠷᠢᠯᠢᠭ ᠪᠣᠳᠠᠲᠠᠶ ᠬᠢᠵᠡᠶ᠃     ᠲᠣᠰ ᠤᠳᠠᠭᠠᠨ ᠤ ᠤᠬᠠᠭᠤᠯᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ᠂ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠲᠣᠬᠢᠷᠠᠮᠵᠢᠲᠠᠶ ᠨᠠᠰᠤᠨ ᠤ ᠵᠠᠯᠠᠭᠤᠴᠤᠳ ᠤᠨ ᠢᠳᠡᠪᠬᠢᠲᠡᠶ ᠪᠠᠷ ᠨᠡᠷ᠎ᠡ ᠮᠡᠳᠡᠭᠦᠯᠦᠨ ᠴᠡᠷᠢᠭ ᠲᠤ ᠣᠷᠣᠬᠤ ᠶᠢ ᠬᠥᠲᠥᠯᠥᠨ ᠵᠢᠯᠣᠭᠤᠳᠴᠤ᠂ ᠥᠷᠭᠡᠨ ᠣᠯᠠᠨ ᠰᠠᠭᠤᠭᠠᠯᠢ ᠠᠷᠠᠳ ᠤᠨ ᠴᠡᠷᠢᠭ ᠡᠯᠰᠡᠬᠦ ᠠᠵᠢᠯ ᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠲᠣᠬᠢᠷᠠᠮᠵᠢᠲᠠᠶ ᠨᠠᠰᠤᠨ ᠤ ᠵᠠᠯᠠᠭᠤᠴᠤᠳ ᠢ ᠤᠯᠤᠰ ᠣᠷᠣᠨ ᠢᠶᠠᠨ ᠬᠠᠮᠠᠭᠠᠯᠠᠬᠤ ᠬᠦᠨᠳᠦ ᠡᠭᠦᠷᠭᠡ ᠶᠢ ᠡᠭᠦᠷᠭᠡᠯᠡᠵᠦ᠂ ᠤᠯᠤᠰ ᠢᠶᠠᠨ ᠬᠠᠶᠢᠷᠠᠯᠠᠬᠤ ᠰᠡᠳᠬᠢᠯᠭᠡ ᠪᠠ ᠤᠯᠤᠰ ᠤᠨ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠥᠷᠭᠡᠨ ᠣᠯᠠᠨ ᠲᠣᠬᠢᠷᠠᠮᠵᠢᠲᠠᠶ ᠨᠠᠰᠤᠨ ᠤ ᠵᠠᠯᠠᠭᠤᠴᠤᠳ ᠤᠨ ᠴᠡᠷᠢᠭ ᠲᠤ ᠣᠷᠣᠬᠤ ᠢᠳᠡᠪᠬᠢᠵᠢᠯ ᠵᠢᠴᠢ ᠴᠡᠷᠢᠭ ᠲᠤ ᠣᠷᠣᠵᠤ ᠤᠯᠤᠰ ᠲᠠᠭᠠᠨ ᠵᠢᠳᠬᠦᠬᠦ ᠬᠠᠯᠠᠭᠤᠨ ᠰᠡᠳᠬᠢᠯᠭᠡ ᠶᠢ ᠨᠢ ᠨᠡᠮᠡᠭᠳᠡᠭᠦᠯᠵᠦ᠂ ᠮᠠᠰᠢ ᠣᠯᠠᠨ ᠲᠣᠬᠢᠷᠠᠮᠵᠢᠲᠠᠶ ᠨᠠᠰᠤᠨ ᠤ ᠵᠠᠯᠠᠭᠤᠴᠤᠳ ᠤᠨ ᠤᠯᠤᠰ ᠤᠨ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠬᠤ ᠶᠢ ᠵᠣᠷᠢᠭᠵᠢᠭᠤᠯᠤᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号