ᠲᠣᠰ ᠵᠢᠯ ᠤᠨ 12 ᠰᠠᠷ᠎ᠠ ᠶᠢᠨ 28 ᠤ ᠡᠳᠦᠷ᠂ ᠬᠠᠷᠠᠮᠥ᠋ᠷᠡᠨ ᠮᠤᠵᠢ ᠶᠢᠨ ᠾᠸᠢ ᠾᠧ ᠬᠤᠲᠠ ᠶᠢᠨ | ᠰᠢᠨ᠎ᠡ ᠪᠠᠷ ᠨᠡᠮᠡᠭᠳᠡᠭᠰᠡᠨ 1 ᠳᠣᠲᠣᠯᠠᠭᠰᠠᠨ ᠡᠪᠡᠳᠴᠢᠨ ᠤ ᠵᠢᠱᠢᠶ᠎ᠡ ᠪᠠ 1 ᠡᠪᠡᠳᠴᠢᠨ ᠤ ᠢᠯᠡᠷᠡᠯ ᠥᠬᠡᠶ | ᠬᠠᠯᠳᠠᠪᠤᠷᠢᠯᠠᠭᠰᠠᠳ 12 ᠰᠠᠷ᠎ᠠ ᠶᠢᠨ 29 ᠤ ᠡᠳᠦᠷ ᠤᠨ 12 ᠴᠠᠭ ᠠᠴᠠ ᠡᠬᠢᠯᠡᠨ᠂ ᠾᠸᠢ ᠾᠧ ᠬᠤᠲᠠ ᠶᠢᠨ ᠠᠶ | ᠬᠤᠶ ᠲᠣᠭᠤᠷᠢᠭ ᠤᠨ ᠯᠠᠮᠠ ᠲᠠᠢ ᠨᠡᠶᠢᠭᠡᠮ ᠲᠣᠭᠤᠷᠢᠭ ᠤᠨ ᠰᠢᠤᠤᠠᠢ ᠹᠦ᠋ ᠵᠢᠶᠠ ᠶᠣᠸᠠᠨ ᠰᠠᠭᠤᠭᠠᠯᠢ ᠠᠷᠠᠳ ᠤᠨ | ᠲᠣᠭᠤᠷᠢᠭ ᠢ ᠳᠤᠮᠳᠠ ᠵᠡᠷᠭᠡ ᠶᠢᠨ ᠲᠦᠭᠰᠢᠭᠦᠷᠢᠲᠡᠶ ᠭᠠᠵᠠᠷ ᠣᠷᠣᠨ ᠪᠣᠯᠭᠠᠨ ᠳᠣᠭᠢᠷᠠᠭᠤᠯᠪᠠ᠃ ᠣᠳᠣᠬᠠᠨ ᠤ ᠣᠯᠠᠨ | ᠤᠯᠤᠰ ᠤᠨ ᠬᠢᠵᠢᠭ ᠤᠨ ᠪᠠᠶᠢᠳᠠᠯ ᠲᠦᠷᠭᠡᠨ ᠳᠡᠯᠭᠡᠷᠡᠵᠦ ᠪᠠᠶᠢᠬᠤ ᠪᠠ ᠤᠯᠤᠰ ᠤᠨ ᠳᠣᠲᠣᠭᠠᠳᠤ ᠶᠢᠨ ᠬᠢᠵᠢᠭ ᠤᠨ | ᠪᠠᠶᠢᠳᠠᠯ ᠳᠠᠬᠢᠨ ᠬᠡᠴᠡᠭᠦᠳᠡᠵᠦ ᠪᠠᠶᠢᠬᠤ ᠲᠦᠭᠰᠢᠭᠦᠷᠢ ᠶᠢ ᠦᠨᠳᠦᠰᠦᠯᠡᠨ᠂ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠶᠢ ᠴᠢᠩᠭᠠᠳᠬᠠᠵᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠣᠨᠣᠪᠴᠢᠲᠠᠶ ᠰᠠᠶᠢᠲᠤᠷ ᠬᠢᠬᠦ ᠶᠢᠨ ᠲᠥᠯᠥᠭᠡ᠂ ᠣᠲᠣ ᠥᠷᠭᠡᠨ ᠣᠯᠠᠨ ᠬᠤᠲᠠ ᠶᠢᠨ ᠠᠷᠠᠳ ᠲᠤ ᠳᠣᠤᠷᠠᠬᠢ ᠮᠡᠲᠦ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠳᠤᠷᠠᠳᠤᠶ᠎ᠠ᠄ | ᠨᠢᠭᠡ᠃ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ | ᠭᠡᠷᠡᠴᠢ ᠲᠠᠢ ᠪᠤᠶᠤ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ | ᠮᠡᠳᠡᠭᠡ ᠵᠠᠩᠭᠢ ᠶᠢᠨ ᠡᠷᠡᠭᠦᠯ ᠮᠡᠨᠳᠦ ᠶᠢᠨ ᠨᠡᠪᠲᠡᠷᠡᠬᠦ ᠺᠣᠳ᠋ ᠲᠠᠢ ᠪᠠᠶᠢᠪᠠᠯ᠂ ᠪᠡᠶ᠎ᠡ ᠶᠢᠨ ᠳᠤᠯᠠᠭᠠᠨ ᠨᠢ ᠬᠡᠪ ᠤᠨ | ᠪᠠᠶᠢᠬᠤ ᠪᠥᠭᠡᠳ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠡᠮᠬᠢ | ᠵᠢᠷᠤᠮ ᠲᠠᠢ ᠪᠠᠷ ᠶᠠᠪᠤᠵᠤ ᠰᠠᠭᠤᠵᠤ ᠪᠣᠯᠤᠨ᠎ᠠ︔ ᠬᠡᠷᠪᠡ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ | ᠴᠢᠨᠠᠷ ᠤᠨ ᠭᠡᠷᠡᠴᠢ ᠬᠠᠩᠭᠠᠵᠤ ᠳᠡᠶᠢᠯᠬᠦ ᠥᠬᠡᠶ ᠪᠣᠯ᠂ ᠬᠠᠮᠤᠭ ᠤᠨ ᠲᠡᠷᠢᠭᠦᠨ ᠳᠤ ᠲᠥᠪᠯᠡᠷᠡᠭᠦᠯᠦᠨ | ᠲᠤᠰᠠᠭᠠᠷᠯᠠᠬᠤ ᠶᠢᠨ ᠬᠠᠮᠲᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ 24 ᠴᠠᠭ ᠤᠨ ᠳᠣᠲᠣᠷ᠎ᠠ | ᠪᠠᠶᠢᠴᠠᠭᠠᠨ ᠬᠡᠮᠵᠢᠭᠰᠡᠨ ᠦᠷ᠎ᠡ ᠳ᠋ᠦᠩ ᠭᠠᠷᠭᠠᠵᠤ᠂ ᠪᠠᠶᠢᠴᠠᠭᠠᠨ ᠬᠡᠮᠵᠢᠭᠰᠡᠨ ᠦᠷ᠎ᠡ ᠳ᠋ᠦᠩ ᠨᠢ ᠪᠢᠯᠢᠭ ᠴᠢᠨᠠᠷ ᠤᠨ | ᠳᠠᠷᠠᠭ᠎ᠠ ᠰᠠᠶ᠋ᠢ ᠡᠮᠬᠢ ᠵᠢᠷᠤᠮ ᠲᠠᠢ ᠪᠠᠷ ᠰᠢᠯᠵᠢᠵᠦ᠂ ᠬᠠᠮᠢᠶ᠎ᠠ ᠪᠥᠬᠦᠶ ᠵᠠᠷᠤᠳᠠᠯ ᠢ ᠥᠪᠡᠰᠦᠪᠡᠨ ᠰᠢᠢᠳᠪᠦᠷᠢᠯᠡᠨ᠎ᠡ᠃ | ᠰᠢᠯᠭᠠᠨ ᠪᠠᠶᠢᠴᠠᠭᠠᠭᠰᠠᠨ ᠦᠷ᠎ᠡ ᠳ᠋ᠦᠩ ᠳᠤ ᠠᠷᠭ᠎ᠠ ᠴᠢᠨᠠᠷ ᠢᠯᠡᠷᠡᠭᠰᠡᠨ ᠪᠠᠶᠢᠪᠠᠯ᠂ ᠱᠠᠭᠠᠷᠳᠠᠯᠭ᠎ᠠ ᠶᠣᠰᠣᠭᠠᠷ | ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠬᠦᠷᠭᠡᠵᠦ ᠲᠤᠰᠠᠭᠠᠷᠯᠠᠨ ᠡᠮᠨᠡᠭᠦᠯᠵᠦ᠂ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠠᠴᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ | ᠠᠵᠢᠯ ᠢ ᠥᠷᠨᠢᠭᠦᠯᠦᠨ᠎ᠡ᠃ | ᠬᠤᠶᠠᠷ᠂ 12 ᠳ᠋ᠤᠭᠠᠷ ᠰᠠᠷ᠎ᠠ ᠶᠢᠨ 15 ᠤ ᠡᠳᠦᠷ ᠠᠴᠠ ᠬᠤᠶᠢᠰᠢ ᠬᠠᠷᠠᠮᠥ᠋ᠷᠡᠨ ᠮᠤᠵᠢ ᠶᠢᠨ ᠾᠸᠢ ᠾᠧ | ᠬᠤᠲᠠ ᠠᠴᠠ ᠪᠤᠴᠠᠵᠤ ᠢᠷᠡᠭᠰᠡᠨ ᠬᠥᠮᠦᠰ ᠲᠠᠢ ᠣᠶᠢᠷᠠᠲᠤᠵᠤ ᠥᠩᠭᠡᠷᠡᠭᠰᠡᠨ ᠮᠠᠨ ᠤ ᠬᠤᠲᠠ ᠶᠢᠨ ᠬᠥᠮᠦᠰ᠂ | ᠰᠠᠭᠤᠭ᠎ᠠ ᠭᠠᠵᠠᠷ ᠤᠨ ᠢᠶᠠᠨ ᠲᠣᠰᠬᠤᠨ ︵ᠰᠠᠭᠤᠭᠠᠯᠢ ᠠᠷᠠᠳ︶ ᠤ ᠵᠥᠪᠯᠡᠯ ᠳᠤ ᠳᠠᠷᠦ᠋ᠢᠬᠠᠨ ᠪᠦᠷᠢᠳᠬᠡᠨ | ᠮᠡᠳᠡᠭᠦᠯᠵᠦ ᠳᠠᠩᠰᠠᠯᠠᠭᠤᠯᠬᠤ ᠬᠡᠷᠡᠭᠲᠡᠶ᠂ ᠬᠡᠷᠪᠡ ᠬᠠᠯᠠᠭᠤᠷᠠᠬᠤ᠂ ᠬᠠᠨᠢᠶᠠᠬᠤ᠂ ᠠᠮᠢᠰᠬᠤᠯ ᠳᠠᠪᠬᠤᠴᠠᠬᠤ ᠵᠡᠷᠭᠡ | ᠠᠮᠢᠰᠬᠤᠯ ᠤᠨ ᠵᠠᠮ ᠤᠨ ᠡᠪᠡᠳᠴᠢᠨ ᠤ ᠪᠠᠶᠢᠳᠠᠯ ᠢᠯᠡᠷᠡᠪᠡᠯ᠂ ᠨᠢᠭᠡ ᠯᠡ ᠤᠳᠠᠭ᠎ᠠ ᠶᠢᠨ ᠴᠢᠨᠠᠷᠲᠠᠶ ᠡᠮᠴᠢᠯᠡᠭᠡᠨ ᠳᠤ | ᠬᠡᠷᠡᠭᠯᠡᠬᠦ ᠠᠮᠠᠪᠴᠢ ᠵᠢᠴᠢ ᠲᠡᠭᠦᠨ ᠠᠴᠠ ᠳᠡᠭᠡᠭᠰᠢᠬᠢ ᠲᠠᠰ ᠤᠨ ᠠᠮᠠᠪᠴᠢ ᠵᠡᠭᠦᠵᠦ᠂ ᠣᠶᠢᠷ᠎ᠠ ᠬᠠᠪᠢ ᠶᠢᠨ | ᠬᠠᠯᠠᠭᠤᠷᠠᠯ ᠤᠨ ᠡᠭᠦᠳᠡᠨ ᠡᠮᠨᠡᠯᠭᠡ ᠳᠤ ᠴᠠᠭ ᠲᠤᠬᠠᠶ ᠳᠤᠨᠢ ᠬᠦᠷᠴᠦ ᠵᠢᠭᠰᠠᠭᠠᠨ ᠪᠠᠶᠢᠴᠠᠭᠠᠬᠤ ᠪᠠ ᠣᠨᠣᠰᠢᠯᠠᠨ | ᠡᠮᠨᠡᠬᠦ ᠬᠡᠷᠡᠭᠲᠡᠶ᠂ ᠡᠮᠨᠡᠭᠦᠯᠬᠦ ᠶᠠᠪᠤᠴᠠ ᠳᠤ ᠠᠯᠢ ᠴᠢᠳᠠᠬᠤ ᠪᠠᠷ ᠣᠯᠠᠨ ᠨᠡᠶᠢᠲᠡ ᠶᠢᠨ ᠵᠠᠮ ᠬᠠᠷᠢᠯᠴᠠᠭᠠᠨ ᠤ | ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠂ ᠬᠡᠷᠪᠡ ᠬᠦᠨᠳᠦ ᠨᠣᠴᠢᠲᠠᠶ ᠡᠪᠡᠳᠴᠢᠨ ᠤ ᠪᠠᠶᠢᠳᠠᠯ ᠢᠯᠡᠷᠡᠪᠡᠯ᠂ | ᠳᠠᠷᠤᠶ ᠲᠦᠷᠭᠡᠨ 120 ᠳᠤ ᠤᠲᠠᠰᠤᠳᠠᠵᠤ ᠡᠮᠨᠡᠭᠦᠯᠬᠦ ᠬᠡᠷᠡᠭᠲᠡᠶ᠃ | ᠭᠤᠷᠪᠠ᠂ ᠥᠷᠭᠡᠨ ᠣᠯᠠᠨ ᠬᠤᠲᠠ ᠶᠢᠨ ᠠᠷᠠᠳ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ | ᠦᠷᠭᠦᠯᠵᠢᠯᠡᠨ ᠰᠠᠶᠢᠲᠤᠷ ᠬᠢᠵᠦ᠂ ᠠᠮᠠᠪᠴᠢ ᠪᠠᠨ ᠰᠢᠨᠵᠢᠯᠡᠬᠦ ᠤᠬᠠᠭᠠᠨᠴᠢ ᠪᠠᠷ ᠵᠡᠭᠦᠵᠦ ︵ᠢᠯᠠᠩᠭᠤᠶ᠎ᠠ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠪᠠ ᠣᠯᠠᠨ ᠨᠡᠶᠢᠲᠡ ᠶᠢᠨ ᠲᠠᠯᠠᠪᠤᠷ ᠲᠤ | ᠠᠵᠢᠯᠯᠠᠭ᠎ᠠ ᠬᠢᠬᠦ︶᠂ ᠬᠥᠮᠦᠨ ᠬᠠᠷ᠎ᠠ ᠬᠤᠷᠠᠨ ᠴᠤᠭᠯᠠᠷᠠᠬᠤ ᠶᠢ ᠪᠠᠭᠠᠰᠬᠠᠵᠤ᠂ ᠭᠠᠷ ᠢᠶᠠᠨ ᠦᠷᠭᠦᠯᠵᠢ ᠤᠬᠢᠶᠠᠵᠤ᠂ | ᠦᠷᠭᠦᠯᠵᠢ ᠰᠠᠯᠬᠢ ᠨᠡᠪᠲᠡᠷᠡᠭᠦᠯᠦᠨ᠂ 1 ᠮᠧᠲᠷ ᠠᠴᠠ ᠳᠡᠭᠡᠭᠰᠢᠬᠢ ᠨᠡᠶᠢᠭᠡᠮ ᠤᠨ ᠬᠠᠷᠢᠯᠴᠠᠭᠠᠨ ᠤ ᠵᠠᠶ ᠶᠢ | ᠪᠠᠲᠤᠯᠠᠬᠤ ᠶᠢ ᠠᠩᠬᠠᠷᠴᠤ᠂ ᠴᠢᠬᠤᠯᠠ ᠪᠤᠰᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠪᠠᠭᠠᠰᠬᠠᠬᠤ ᠬᠡᠷᠡᠭᠲᠡᠶ᠃ | ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠶᠢᠨ ᠲᠠᠰ ᠤᠨ ᠬᠥᠳᠡᠯᠦᠩᠭᠦᠶ ᠲᠣᠬᠢᠷᠠᠭᠤᠯᠤᠯᠲᠠ ᠶᠢᠨ ᠮᠡᠳᠡᠭᠡ | ᠵᠠᠩᠭᠢ ᠶᠢ ᠨᠢᠭᠲᠠ ᠠᠩᠬᠠᠷᠴᠤ᠂ ᠭᠠᠳᠠᠭᠰᠢ ᠭᠠᠷᠬᠤ ᠪᠠᠨ ᠵᠣᠬᠢᠰᠲᠠᠶ ᠲᠣᠬᠢᠷᠠᠭᠤᠯᠵᠤ᠂ ᠳᠤᠮᠳᠠ᠂ ᠥᠨᠳᠥᠷ | ᠲᠦᠭᠰᠢᠭᠦᠷᠢᠲᠦ ᠭᠠᠵᠠᠷ ᠣᠷᠣᠨ ᠳᠤ ᠣᠴᠢᠬᠤ ᠴᠢᠬᠤᠯᠠ ᠥᠬᠡᠶ ᠪᠠᠶᠢᠬᠤ ᠬᠡᠷᠡᠭᠲᠡᠶ᠃ ᠳᠤᠮᠳᠠ᠂ ᠥᠨᠳᠥᠷ | ᠲᠦᠭᠰᠢᠭᠦᠷᠢᠲᠡᠶ ᠭᠠᠵᠠᠷ ᠣᠷᠣᠨ ᠠᠴᠠ ᠪᠤᠴᠠᠵᠤ ᠢᠷᠡᠭᠰᠡᠨ ᠤ ᠳᠠᠷᠠᠭ᠎ᠠ᠂ ᠮᠠᠨ ᠤ ᠬᠤᠲᠠ ᠶᠢᠨ ᠬᠠᠮᠢᠶ᠎ᠠ ᠪᠦᠬᠦᠢ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠲᠡᠶ᠃ | | ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ | ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ | | | 2020 ᠣᠨ ᠤ 12 ᠳ᠋ᠤᠭᠠᠷ ᠰᠠᠷ᠎ᠠ ᠶᠢᠨ 29 ᠤ ᠡᠳᠦᠷ |