ᠬᠠᠶᠢᠷᠠᠲᠤ ᠬᠤᠲᠠ ᠶᠢᠨ ᠠᠷᠠᠳ ᠨᠠᠶᠢᠵᠠ ᠨᠠᠷ ᠮᠢᠨᠢ᠄ | ᠣᠳᠣᠬᠠᠨ ᠳᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ | ᠪᠠᠶᠢᠨ᠎ᠠ᠂ ᠰᠢᠨ᠎ᠡ ᠵᠢᠯ᠂ ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠪᠣᠯᠤᠯ᠎ᠠ᠂ ᠬᠥᠮᠦᠰ ᠤᠨ ᠨᠤᠲᠤᠭ ᠲᠠᠭᠠᠨ | ᠪᠤᠴᠠᠬᠤ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠣᠯᠠᠰᠢᠷᠠᠬᠤ ᠶᠢ ᠳᠠᠭᠠᠯᠳᠤᠨ᠂ ᠬᠢᠵᠢᠭ ᠤᠨ ᠬᠠᠯᠳᠠᠪᠤᠷᠢᠯᠠᠬᠤ | ᠠᠶᠤᠯ ᠲᠦᠭᠰᠢᠭᠦᠷᠢ ᠨᠡᠮᠡᠭᠳᠡᠵᠦ ᠪᠠᠶᠢᠨ᠎ᠠ᠃ ᠬᠢᠵᠢᠭ ᠤᠨ ᠪᠠᠶᠢᠳᠠᠯ ᠦᠷᠪᠢᠰᠦᠨ ᠳᠡᠯᠭᠡᠷᠡᠬᠦ ᠶᠢ ᠰᠡᠷᠭᠡᠶᠢᠯᠡᠵᠦ᠂ ᠠᠷᠠᠳ | ᠣᠯᠠᠨ ᠤ ᠡᠷᠡᠭᠦᠯ ᠮᠡᠨᠳᠦ ᠠᠮᠤᠷ ᠠᠮᠤᠭᠤᠯᠠᠩ ᠢ ᠬᠠᠮᠠᠭᠠᠯᠠᠵᠤ᠂ ᠪᠥᠬᠦ ᠬᠤᠲᠠ ᠶᠢᠨ ᠠᠷᠠᠳ ᠲᠦᠮᠡᠨ ᠤ ᠴᠠᠭᠠᠨ | ᠰᠠᠷ᠎ᠠ ᠪᠠᠨ ᠪᠠᠶᠠᠷ ᠬᠥᠷ ᠲᠠᠢ ᠪᠠᠷ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠬᠥᠯᠥᠨ ᠪᠤᠶᠢᠷ ᠬᠤᠲᠠ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠠᠨᠠᠭᠠᠴᠢᠯᠠᠭ᠎ᠠ᠄ | ᠨᠢᠭᠡ᠂ ᠭᠠᠳᠠᠭᠰᠢ ᠭᠠᠷᠬᠤ ᠠᠵᠢᠯᠯᠠᠭ᠎ᠠ ᠶᠢ ᠠᠯᠢ ᠴᠢᠳᠠᠬᠤ ᠪᠠᠷ ᠪᠠᠭᠠᠰᠬᠠᠨ᠎ᠠ᠃ ᠴᠢᠬᠤᠯᠠ ᠪᠤᠰᠤ ᠶᠠᠪᠤᠵᠤ | ᠰᠠᠭᠤᠬᠤ ᠶᠢ ᠴᠥᠭᠡᠳᠬᠡᠵᠦ᠂ ᠲᠥᠷᠥᠯ ᠰᠠᠳᠤᠨ ᠨᠠᠶᠢᠵᠠ ᠨᠥᠬᠦᠳ ᠢᠶᠠᠨ ᠡᠷᠭᠢᠵᠦ ᠦᠵᠡᠬᠦ ᠥᠬᠡᠶ᠂ ᠬᠥᠮᠦᠨ | ᠣᠯᠠᠨ ᠴᠤᠭᠯᠠᠷᠠᠬᠤ ᠲᠠᠯᠠᠪᠤᠷ ᠲᠤ ᠣᠴᠢᠬᠤ ᠶᠢ ᠴᠥᠭᠡᠳᠬᠡᠵᠦ᠂ ᠬᠠᠮᠲᠤ ᠬᠤᠭᠤᠯᠠᠯᠠᠬᠤ ᠵᠡᠷᠭᠡ ᠬᠠᠮᠲᠤ ᠶᠢᠨ | ᠠᠵᠢᠯᠯᠠᠭ᠎ᠠ ᠳᠤ ᠣᠷᠣᠯᠴᠠᠬᠤ ᠥᠬᠡᠶ︔ ᠦᠨᠡᠬᠡᠷ ᠬᠡᠷᠡᠭᠴᠡᠭᠡ ᠲᠠᠢ ᠪᠣᠯ ᠠᠮᠠᠪᠴᠢ ᠵᠡᠭᠦᠭᠡᠷᠡᠢ᠃ ᠨᠠᠰᠤᠲᠠᠶᠢᠴᠤᠳ᠂ | ᠤᠵᠢᠭ ᠡᠪᠡᠳᠴᠢᠲᠡᠨ᠂ ᠵᠢᠷᠮᠦᠰᠦᠨ ᠪᠦᠰᠡᠭᠦ᠋ᠢᠴᠦᠳ ᠭᠠᠳᠠᠭᠰᠢ ᠭᠠᠷᠬᠤ ᠶᠢ ᠰᠠᠨᠠᠭᠤᠯᠬᠤ ᠥᠬᠡᠶ᠃ | ᠬᠤᠶᠠᠷ᠂ ᠰᠤᠷᠤᠭᠴᠢ᠂ ᠨᠤᠲᠤᠭ ᠲᠠᠭᠠᠨ ᠪᠤᠴᠠᠭᠰᠠᠨ ᠬᠥᠮᠦᠰ ᠣᠷᠭᠢᠯ ᠤᠨ ᠬᠤᠭᠤᠴᠠᠭ᠎ᠠ ᠶᠢ ᠵᠥᠷᠢᠭᠦᠯᠦᠨ | ᠨᠤᠲᠤᠭ ᠲᠠᠭᠠᠨ ᠪᠤᠴᠠᠵᠤ ᠠᠵᠢᠯ ᠤᠨ ᠪᠠᠶᠢᠷᠢ ᠳᠠᠭᠠᠨ ᠪᠤᠴᠠᠵᠤ᠂ ᠠᠶᠠᠨ ᠵᠠᠮ ᠤᠨ ᠲᠦᠭᠰᠢᠭᠦᠷᠢ ᠶᠢ ᠪᠠᠭᠠᠰᠬᠠᠬᠤ | ᠬᠡᠷᠡᠭᠲᠡᠶ᠃ ᠵᠠᠮ ᠲᠡᠭᠡᠭᠡᠪᠦᠷᠢ ᠶᠢᠨ ᠲᠠᠯᠠᠪᠤᠷ ᠥᠷᠲᠡᠭᠡ ᠪᠣᠯᠤᠨ ᠵᠠᠮ ᠬᠠᠷᠢᠯᠴᠠᠭᠠᠨ ᠤ ᠪᠠᠭᠠᠵᠢ ᠪᠠᠶᠠᠷ ᠤᠨ ᠡᠳᠦᠷ ᠤᠨ | ᠬᠤᠭᠤᠴᠠᠭᠠᠨ ᠳᠤ ᠰᠠᠯᠬᠢ ᠨᠡᠪᠲᠡᠷᠡᠭᠦᠯᠬᠦ᠂ ᠠᠷᠢᠭᠤᠳᠬᠠᠬᠤ ᠵᠡᠷᠭᠡ ᠠᠷᠭ᠎ᠠ ᠬᠡᠮᠵᠢᠶ᠎ᠡ ᠶᠢ ᠴᠢᠩᠭᠠᠳᠬᠠᠬᠤ ᠬᠡᠷᠡᠭᠲᠡᠶ᠃ | ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠳᠤ ᠡᠮᠬᠢ ᠵᠢᠷᠤᠮ ᠢ ᠵᠢᠷᠤᠮᠯᠠᠵᠤ᠂ ᠡᠮᠬᠢ ᠵᠢᠷᠤᠮ ᠲᠠᠢ ᠮᠥᠷᠯᠡᠵᠦ᠂ | ᠪᠥᠬᠦ ᠶᠠᠪᠤᠴᠠ ᠳᠤ ᠠᠮᠠᠪᠴᠢ ᠵᠡᠭᠦᠵᠦ᠂ ᠵᠠᠮ ᠤᠨ ᠳᠤᠮᠳᠠ ᠭᠠᠷ ᠢᠶᠠᠨ ᠠᠷᠢᠭᠤᠳᠬᠠᠬᠤ ᠵᠡᠷᠭᠡ ᠬᠤᠪᠢ ᠬᠥᠮᠦᠨ ᠤ | ᠬᠠᠮᠠᠭᠠᠯᠠᠯᠲᠠ ᠶᠢ ᠰᠠᠶᠢᠲᠤᠷ ᠬᠢᠵᠦ᠂ ᠵᠠᠮ ᠬᠠᠷᠢᠯᠴᠠᠭᠠᠨ ᠤ ᠪᠠᠭᠠᠵᠢ ᠳᠡᠭᠡᠷᠡᠬᠢ ᠬᠤᠭᠤᠯᠠ ᠢᠳᠡᠬᠦ ᠤᠳᠠᠭ᠎ᠠ ᠶᠢ ᠠᠯᠢ | ᠴᠢᠳᠠᠬᠤ ᠪᠠᠷ ᠪᠠᠭᠠᠰᠬᠠᠵᠤ᠂ ᠫᠢᠶᠣᠣ ᠪᠠᠷᠢᠮᠲᠠ ᠪᠠᠨ ᠲᠣᠬᠢᠲᠠᠶ ᠬᠠᠳᠠᠭᠠᠯᠠᠵᠤ ᠪᠠᠶᠢᠴᠠᠭᠠᠨ ᠯᠠᠪᠯᠠᠬᠤ ᠳᠤ | ᠪᠡᠯᠡᠳᠬᠡᠬᠦ ᠶᠢᠨ ᠬᠠᠮᠲᠤ ᠵᠢᠭᠤᠯᠴᠢᠯᠠᠯ ᠤᠨ ᠶᠠᠪᠤᠴᠠ ᠳᠠᠬᠢ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ | ᠬᠡᠷᠡᠭᠲᠡᠶ᠃ | ᠭᠤᠷᠪᠠ᠂ ᠬᠤᠪᠢ ᠬᠥᠮᠦᠨ ᠤ ᠡᠷᠡᠭᠦᠯ ᠮᠡᠨᠳᠦ ᠶᠢᠨ ᠬᠠᠮᠠᠭᠠᠯᠠᠯᠲᠠ ᠶᠢ ᠴᠢᠩᠭᠠᠳᠬᠠᠵᠤ᠂ ᠭᠠᠷ ᠢᠶᠠᠨ ᠦᠷᠭᠦᠯᠵᠢ | ᠤᠬᠢᠶᠠᠬᠤ ᠬᠡᠷᠡᠭᠲᠡᠶ᠃ ᠭᠠᠳᠠᠭᠰᠢ ᠭᠠᠷᠴᠤ ᠣᠯᠠᠨ ᠨᠡᠶᠢᠲᠡ ᠶᠢᠨ ᠲᠠᠯᠠᠪᠤᠷ ᠲᠤ ᠣᠴᠢᠬᠤ᠂ ᠡᠮᠨᠡᠭᠦᠯᠬᠦ ᠪᠠ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠦᠶᠡᠰ᠂ ᠡᠮᠴᠢᠯᠡᠭᠡᠨ ᠤ ᠠᠮᠠᠪᠴᠢ ᠵᠡᠭᠦᠵᠦ ᠥᠩᠭᠡᠷᠡᠭᠰᠡᠨ | ᠠᠮᠠᠪᠴᠢ ᠪᠠᠨ ᠳᠤᠷ᠎ᠠ ᠪᠠᠷ ᠢᠶᠠᠨ ᠬᠠᠶᠠᠵᠤ ᠪᠣᠯᠬᠤ ᠥᠬᠡᠶ᠃ ᠭᠠᠷ ᠢᠶᠠᠨ ᠦᠷᠭᠦᠯᠵᠢ ᠤᠬᠢᠶᠠᠵᠤ᠂ ᠣᠯᠠᠨ | ᠨᠡᠶᠢᠲᠡ ᠶᠢᠨ ᠲᠠᠯᠠᠪᠤᠷ ᠠᠴᠠ ᠪᠤᠴᠠᠨ ᠢᠷᠡᠵᠦ᠂ ᠬᠠᠨᠢᠶᠠᠵᠤ ᠪᠦᠲᠡᠭᠡᠭᠰᠡᠨ ᠤ ᠳᠠᠷᠠᠭ᠎ᠠ᠂ ᠬᠤᠭᠤᠯᠠᠨ ᠠᠴᠠ ᠡᠮᠦᠨ᠎ᠡ | ᠪᠠᠭᠠᠭᠰᠠᠨ ᠤ ᠳᠠᠷᠠᠭ᠎ᠠ᠂ ᠠᠮᠢᠲᠠᠨ ᠤ ᠢᠯᠭᠠᠳᠠᠰᠤ ᠲᠠᠢ ᠬᠦᠷᠦᠯᠴᠡᠬᠦ ᠪᠤᠶᠤ ᠰᠢᠢᠳᠪᠦᠷᠢᠯᠡᠭᠰᠡᠨ ᠤ ᠳᠠᠷᠠᠭ᠎ᠠ᠂ ᠭᠠᠷ | ᠤᠬᠢᠶᠠᠬᠤ ᠰᠢᠩᠭᠡᠨ ᠪᠤᠶᠤ ᠰᠠᠪᠤᠩ ᠢᠶᠠᠷ ᠭᠠᠷ ᠢᠶᠠᠨ ᠤᠬᠢᠶᠠᠬᠤ᠂ ᠡᠰᠡᠬᠦᠯ᠎ᠡ ᠰᠫᠢᠷᠲ ᠤᠨ ᠪᠦᠷᠢᠯᠳᠦᠬᠦᠨ | ᠠᠭᠤᠯᠤᠭᠰᠠᠨ ᠭᠠᠷ ᠤᠬᠢᠶᠠᠬᠤ ᠰᠢᠩᠭᠡᠨ ᠢ ᠬᠡᠷᠡᠭᠯᠡᠬᠦ ᠬᠡᠷᠡᠭᠲᠡᠶ᠃ | ᠳᠥᠷᠪᠡ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠭᠡᠳ ᠴᠠᠭ ᠲᠤᠬᠠᠶ ᠳᠤᠨᠢ ᠡᠮᠨᠡᠭᠦᠯᠬᠦ ᠶᠢ ᠠᠩᠬᠠᠷᠬᠤ | ᠬᠡᠷᠡᠭᠲᠡᠶ᠃ ᠬᠤᠪᠢ ᠬᠥᠮᠦᠨ ᠪᠣᠯᠤᠨ ᠬᠡᠷ ᠪᠦᠯᠢ ᠶᠢᠨ ᠪᠦᠷᠢᠯᠳᠦᠬᠦᠨ ᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ | ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠬᠠᠯᠠᠭᠤᠷᠠᠵᠤ ᠪᠠᠶᠢᠬᠤ ᠦᠶ᠎ᠡ ᠳᠤ ᠪᠡᠶ᠎ᠡ ᠶᠢᠨ ᠬᠠᠯᠠᠭᠤᠨ ᠢ | ᠰᠠᠨᠠᠭᠠᠴᠢᠯᠠᠭ᠎ᠠ ᠠᠴᠠ ᠪᠠᠨ ᠬᠡᠮᠵᠢᠬᠦ ᠶᠢᠨ ᠬᠠᠮᠲᠤ ᠨᠠᠰᠤᠲᠠᠨ ᠪᠣᠯᠤᠨ ᠬᠡᠤᠬᠡᠳ ᠤᠨ ᠡᠷᠡᠭᠦᠯ ᠮᠡᠨᠳᠦ ᠶᠢᠨ ᠪᠠᠶᠢᠳᠠᠯ ᠢ | ᠢᠯᠡᠭᠦᠬᠡᠨ ᠠᠩᠬᠠᠷᠬᠤ ᠬᠡᠷᠡᠭᠲᠡᠶ᠃ ᠬᠡᠷᠪᠡ ᠬᠠᠯᠠᠭᠤᠷᠠᠬᠤ ︵ᠰᠤᠭᠤᠨ ᠤ ᠪᠡᠶ᠎ᠡ ᠶᠢᠨ ᠳᠤᠯᠠᠭᠠᠨ ᠨᠢ 37 . 3 °C | ︶᠂ ᠬᠠᠨᠢᠶᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠪᠤᠰᠤᠳ ᠬᠥᠮᠦᠨ ᠲᠠᠢ ᠣᠶᠢᠷᠠᠳᠬᠤ ᠠᠴᠠ | ᠤᠬᠠᠮᠰᠠᠷ ᠠᠴᠠ ᠪᠠᠨ ᠵᠠᠶᠢᠯᠠᠰᠬᠢᠵᠦ᠂ ᠠᠮᠠᠪᠴᠢ ᠪᠠᠨ ᠵᠡᠭᠦᠭᠰᠡᠨ ᠤ ᠳᠠᠷᠠᠭ᠎ᠠ ᠠᠯᠢ ᠲᠦᠷᠭᠡᠨ ᠢᠶᠠᠷ ᠡᠮᠨᠡᠯᠭᠡ ᠶᠢᠨ | ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠬᠡᠷᠡᠭᠲᠡᠶ᠂ ᠡᠮᠨᠡᠭᠦᠯᠬᠦ ᠦᠶ᠎ᠡ ᠳᠤ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠵᠤ ᠪᠣᠯᠬᠤ ᠥᠬᠡᠶ᠃ | ᠲᠠᠪᠤ᠂ ᠡᠷᠡᠭᠦᠯ ᠴᠢᠭᠢᠷᠠᠭ ᠠᠮᠤᠷ ᠲᠦᠪᠰᠢᠨ ᠢᠳᠡᠭᠡᠨ ᠤᠮᠳᠠᠭᠠᠨ ᠤ ᠳᠠᠳᠬᠠᠯ ᠲᠠᠢ ᠪᠣᠯᠵᠣ᠂ ᠬᠦᠢᠳᠡᠨ | ᠬᠡᠯᠬᠢᠶᠡᠲᠦ ᠢᠳᠡᠭᠡᠨ ᠢ ᠵᠦᠶ ᠵᠣᠬᠢᠰᠲᠠᠶ ᠰᠣᠩᠭᠤᠵᠤ ᠬᠤᠳᠠᠯᠳᠤᠨ ᠠᠪᠬᠤ ᠬᠡᠷᠡᠭᠲᠡᠶ᠃ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠨ ᠨᠡᠶᠢᠲᠡᠯᠡᠭᠰᠡᠨ ᠭᠠᠳᠠᠭᠠᠳᠤ ᠠᠴᠠ ᠣᠷᠣᠭᠤᠯᠤᠭᠰᠠᠨ ᠲᠡᠯᠡᠶ ᠶᠢᠨ ᠦᠢᠯᠡᠳᠬᠦᠨ᠂ ᠬᠦᠢᠳᠡᠨ | ᠬᠡᠯᠬᠢᠶᠡᠲᠦ ᠢᠳᠡᠭᠡᠨ ᠵᠡᠷᠭᠡ ᠢᠳᠡᠭᠡᠨ ᠤ ᠠᠮᠤᠷ ᠲᠦᠪᠰᠢᠨ ᠤ ᠮᠡᠳᠡᠭᠡ ᠵᠠᠩᠭᠢ ᠶᠢ ᠠᠩᠬᠠᠷᠴᠤ᠂ ᠭᠠᠳᠠᠭᠠᠳᠤ ᠠᠴᠠ | ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠪᠠ ᠬᠡᠭᠡᠷ᠎ᠡ ᠶᠢᠨ ᠠᠮᠢᠲᠠᠨ ᠢ ᠬᠤᠳᠠᠯᠳᠤᠨ ᠠᠪᠬᠤ ᠪᠠ ᠢᠳᠡᠬᠦ | ᠥᠬᠡᠶ᠂ ᠡᠯ᠎ᠡ ᠵᠦᠢᠯ ᠤᠨ ᠮᠢᠬᠠᠨ ᠤ ᠵᠦᠢᠯ ᠪᠠ ᠥᠨᠳᠡᠭᠡ ᠶᠢ ᠦᠢᠯᠡᠳᠬᠦ ᠳᠤ ᠴᠢᠨᠠᠵᠤ ᠪᠤᠯᠭᠤᠬᠤ ᠶᠢ ᠦᠨᠡᠨ ᠬᠦ | ᠪᠠᠲᠤᠯᠠᠵᠤ᠂ ᠲᠦᠭᠦᠬᠡᠶ ᠢᠳᠡᠭᠡᠨ ᠪᠠ ᠪᠤᠯᠭᠤᠭᠰᠠᠨ ᠢᠳᠡᠭᠡᠨ ᠢ ᠰᠢᠶ᠋ᠳᠪᠦᠷᠢᠯᠡᠬᠦ ᠳᠤ ᠨᠣᠭᠤᠭ᠎ᠠ ᠬᠡᠷᠴᠢᠬᠦ ᠬᠠᠪᠲᠠᠰᠤ | ᠵᠢᠴᠢ ᠬᠢᠲᠤᠭ᠎ᠠ ᠬᠡᠷᠡᠭᠰᠡᠯ ᠢ ᠰᠠᠯᠭᠠᠬᠤ ᠬᠡᠷᠡᠭᠲᠡᠶ᠃ ᠡᠭᠦᠨ ᠤ ᠬᠠᠮᠲᠤ ᠪᠡᠶ᠎ᠡ ᠶᠢᠨ ᠲᠠᠮᠢᠷ ᠤᠨ ᠪᠣᠯᠪᠠᠰᠤᠷᠠᠯ ᠢ | ᠴᠢᠩᠭᠠᠳᠬᠠᠵᠤ᠂ ᠡᠭᠡᠯᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢ ᠰᠠᠨᠠᠭᠤᠯᠪᠠ᠃ | ᠵᠢᠷᠭᠤᠭ᠎ᠠ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠬᠦᠯᠢᠶᠡᠬᠦ | ᠬᠡᠷᠡᠭᠲᠡᠶ᠃ ᠬᠡᠷᠪᠡ ᠲᠠ ᠰᠠᠶ᠋ᠢᠬᠠᠨ ᠬᠢᠵᠢᠭᠲᠦ ᠣᠷᠣᠨ ᠠᠴᠠ ᠬᠡᠷ ᠲᠡᠭᠡᠨ ᠬᠠᠷᠢᠮᠠᠭᠴᠠ ᠪᠠᠶᠢᠭ᠎ᠠ ᠲᠣᠰᠬᠤᠨ ᠪᠤᠶᠤ | ᠨᠡᠶᠢᠭᠡᠮ ᠲᠣᠭᠤᠷᠢᠭ ᠲᠠᠭᠠᠨ ᠬᠦᠷᠴᠦ ᠮᠡᠳᠡᠭᠦᠯᠦᠨ ᠳᠠᠩᠰᠠᠯᠠᠭᠤᠯᠵᠤ᠂ ᠱᠠᠭᠠᠷᠳᠠᠯᠭ᠎ᠠ ᠶᠣᠰᠣᠭᠠᠷ ᠲᠤᠰᠠᠭᠠᠷᠯᠠᠬᠤ ᠪᠠ | ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠳᠤ ᠬᠠᠮᠵᠢᠯᠴᠠᠵᠤ᠂ ᠪᠡᠶ᠎ᠡ ᠶᠢᠨ ᠪᠠᠶᠢᠳᠠᠯ ᠢᠶᠠᠨ ᠨᠢᠭᠲᠠ | ᠠᠵᠢᠭᠯᠠᠬᠤ ᠬᠡᠷᠡᠭᠲᠡᠶ᠃ ᠬᠡᠷᠪᠡ ᠬᠠᠯᠠᠭᠤᠷᠠᠬᠤ᠂ ᠲᠠᠮᠢᠷᠳᠠᠬᠤ᠂ ᠬᠠᠨᠢᠶᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ | ᠳᠠᠷᠦ᠋ᠢᠬᠠᠨ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠬᠦᠷᠴᠦ ᠡᠮᠨᠡᠭᠦᠯᠵᠦ᠂ ᠢᠳᠡᠪᠬᠢᠲᠡᠶ ᠬᠠᠮᠵᠢᠯᠴᠠᠨ ᠵᠠᠰᠠᠬᠤ | ᠬᠡᠷᠡᠭᠲᠡᠶ᠃ ᠬᠡᠷᠪᠡ ᠬᠡᠷ ᠲᠤ ᠪᠠᠶᠢᠭ᠎ᠠ ᠬᠢᠵᠢᠭᠲᠦ ᠣᠷᠣᠨ ᠠᠴᠠ ᠢᠷᠡᠭᠰᠡᠨ ᠬᠥᠮᠦᠰ ᠪᠠᠶᠢᠪᠠᠯ᠂ ᠮᠡᠳᠡᠭᠦᠯᠵᠦ | ᠳᠠᠩᠰᠠᠯᠠᠭᠤᠯᠬᠤ ᠠᠵᠢᠯ ᠢ ᠢᠳᠡᠪᠬᠢᠲᠡᠶ ᠰᠠᠶᠢᠲᠤᠷ ᠬᠢᠬᠦ ᠬᠡᠷᠡᠭᠲᠡᠶ᠃ | ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ᠂ ᠬᠥᠮᠦᠨ ᠪᠦᠬᠦᠨ ᠬᠤᠪᠢ ᠬᠥᠮᠦᠨ ᠤ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠳᠤ | ᠰᠠᠨᠠᠭᠠᠴᠢᠯᠠᠭ᠎ᠠ ᠠᠴᠠ ᠪᠠᠨ ᠣᠷᠣᠯᠴᠠᠬᠤ ᠬᠡᠷᠡᠭᠲᠡᠢ᠃ ᠮᠠᠨ ᠤ ᠠᠷᠠᠳ ᠢᠷᠭᠡᠨ ᠨᠢᠭᠡᠪᠦᠷᠢ ᠨᠢ ᠬᠠᠮᠠᠭᠠᠯᠠᠭᠳᠠᠭᠴᠢ | ᠪᠣᠯᠬᠤ ᠪᠠᠷ ᠪᠠᠷᠠᠬᠤ ᠥᠬᠡᠶ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠯᠬᠢᠶ᠎ᠡ ᠶᠢᠨ ᠣᠷᠣᠯᠴᠠᠭᠴᠢ᠂ | ᠠᠵᠢᠯᠯᠠᠭᠴᠢ ᠪᠣᠯᠤᠨ᠎ᠠ᠃ ᠪᠢᠳᠠ ᠢᠳᠡᠪᠬᠢᠲᠡᠢ ᠬᠥᠳᠡᠯᠦᠯᠴᠡᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ | ᠥᠪᠡᠷ ᠤᠨ ᠲᠥᠯᠥᠭᠡ᠂ ᠭᠡᠷ ᠤᠨ ᠬᠥᠮᠦᠰ ᠤᠨ ᠲᠥᠯᠥᠭᠡ᠂ ᠪᠤᠰᠤᠳ ᠤᠨ ᠲᠥᠯᠥᠭᠡ᠂ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠭᠠᠷ ᠬᠤᠯᠪᠣᠯᠴᠠᠨ ᠬᠢᠵᠢᠭ ᠲᠠᠢ | ᠲᠡᠮᠡᠴᠡᠵᠡᠭᠡᠶ᠎ᠡ︕ | | | ᠬᠥᠯᠥᠨ ᠪᠤᠶᠢᠷ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | 2020 ᠣᠨ ᠤ 12 ᠳ᠋ᠤᠭᠠᠷ ᠰᠠᠷ᠎ᠠ ᠶᠢᠨ 29 ᠤ ᠡᠳᠦᠷ |