ᠰᠢᠩ ᠬᠤᠸᠠ ᠵᠡᠭᠡᠯᠢ ᠭᠤᠳᠤᠮᠵᠢ ᠰᠠᠨᠠᠭ᠎ᠠ ᠠᠮᠤᠷ ᠨᠠᠰᠤᠵᠢᠯ ᠤᠨ ᠠᠰᠠᠷᠠᠮᠵᠢ ᠶᠢᠨ ᠲᠠᠪᠴᠠᠩ ᠤᠨ ᠭᠡᠷᠡᠴᠢᠯᠡᠬᠦ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2020/12/30
    ᠥᠨᠳᠥᠷ ᠨᠠᠰᠤᠨ ᠤ ᠨᠥᠬᠦᠪᠥᠷᠢ ᠮᠥᠩᠭᠦ ᠠᠪᠴᠤ ᠪᠠᠶᠢᠭ᠎ᠠ ᠬᠥᠮᠦᠰ ᠤᠨ ᠣᠷᠣᠰᠢᠨ ᠠᠮᠢᠳᠤᠷᠠᠬᠤ ᠦᠨᠳᠦᠰᠦᠨ ᠪᠠᠶᠢᠳᠠᠯ ᠢ ᠤᠯᠠᠮ ᠨᠢᠭᠡ ᠠᠯᠬᠤᠮ ᠡᠵᠡᠮᠰᠢᠵᠦ᠂ ︽ᠥᠲᠡᠯᠪᠡᠯ ᠭᠥᠷᠳᠡᠬᠦ ᠠᠰᠠᠷᠠᠮᠵᠢ ᠲᠠᠢ︾ ᠪᠠᠶᠢᠬᠤ ᠠᠷᠠᠳ ᠤᠨ ᠠᠮᠢᠳᠤᠷᠠᠯ ᠤᠨ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠲᠦᠷᠦᠭᠦᠬᠡᠨ ᠰᠢᠩ ᠬᠤᠸᠠ ᠵᠡᠭᠡᠯᠢ ᠭᠤᠳᠤᠮᠵᠢ ᠶᠢᠨ ᠴᠢᠩ ᠰᠥᠩ ᠨᠡᠶᠢᠭᠡᠮ ᠲᠣᠭᠤᠷᠢᠭ ᠠᠴᠠ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ ᠨᠠᠰᠤᠵᠢᠯ ᠤᠨ ᠠᠰᠠᠷᠠᠮᠵᠢ ᠠᠪᠬᠤ ᠬᠢᠷᠢ ᠬᠡᠮ ᠤᠨ ᠭᠡᠷᠡᠴᠢᠯᠡᠯ ᠠᠪᠬᠤ ᠠᠵᠢᠯ ᠢ ᠰᠠᠨᠠᠭ᠎ᠠ ᠠᠮᠤᠷ ᠥᠷᠨᠢᠭᠦᠯᠪᠡ᠃     ᠲᠣᠰ ᠤᠳᠠᠭᠠᠨ ᠤ ᠠᠵᠢᠯᠯᠠᠭ᠎ᠠ ᠨᠢ ᠭᠤᠤᠯᠳᠠᠭᠤ ᠪᠦᠬᠦᠯᠢ 80 ᠨᠠᠰᠤᠨ ᠠᠴᠠ ᠳᠡᠭᠡᠭᠰᠢᠬᠢ ᠨᠢᠭᠡᠨᠲᠡ ᠥᠨᠳᠥᠷ ᠨᠠᠰᠤᠨ ᠤ ᠨᠡᠮᠡᠭᠦᠷᠢ ᠠᠪᠤᠭᠰᠠᠨ ᠰᠠᠭᠤᠭᠠᠯᠢ ᠠᠷᠠᠳ ᠲᠤ ᠴᠢᠭᠯᠡᠭᠦᠯᠦᠨ ᠬᠢᠷᠢ ᠬᠡᠮ ᠤᠨ ᠭᠡᠷᠡᠴᠢᠯᠡᠯ ᠬᠢᠨ᠎ᠠ᠃ ᠭᠡᠷᠡᠴᠢᠯᠡᠯ ᠤᠨ ᠠᠵᠢᠯ ᠢ ᠥᠨᠳᠥᠷ ᠪᠦᠲᠦᠮᠵᠢᠲᠡᠶ ᠥᠷᠨᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ ᠨᠡᠶᠢᠭᠡᠮ ᠲᠣᠭᠤᠷᠢᠭ ᠤᠨ ᠠᠵᠢᠯᠲᠠᠨ ᠪᠥᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠤᠬᠠᠭᠤᠯᠵᠤ ᠬᠥᠲᠥᠯᠥᠨ ᠵᠢᠯᠣᠭᠤᠳᠬᠤ᠂ ᠦᠢᠯᠡᠴᠢᠯᠡᠬᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠠᠴᠠ ᠭᠠᠷᠳᠠᠵᠤ᠂ ᠠᠮᠢᠳᠤᠯᠢᠭ ᠪᠥᠭᠡᠳ ᠣᠯᠠᠨ ᠶᠠᠩᠵᠤ ᠶᠢᠨ ᠠᠷᠭ᠎ᠠ ᠮᠠᠶ᠋ᠢᠭ ᠢ ᠠᠪᠴᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠳ᠋ᠢᠶᠠᠩᠬᠤᠤᠠ ᠪᠠᠷ ᠮᠡᠳᠡᠭᠳᠡᠬᠦ ᠠᠴᠠ ᠭᠠᠷᠳᠠᠵᠤ ᠰᠢᠰᠲ᠋ᠧᠮ ᠢ ᠬᠠᠪᠰᠤᠷᠤᠨ ᠤᠭᠰᠠᠷᠠᠬᠤ ᠶᠢᠨ ᠬᠠᠮᠲᠤ ᠬᠤᠶᠢᠰᠢᠳᠠ ᠬᠡᠷᠬᠢᠨ ᠠᠵᠢᠯᠯᠠᠭᠤᠯᠬᠤ ᠵᠡᠷᠭᠡ ᠶᠢ ᠮᠡᠳᠡᠭᠳᠡᠪᠡ᠃ ᠨᠠᠰᠤ ᠠᠬᠠᠰᠢᠷᠠᠵᠤ ᠪᠡᠶ᠎ᠡ ᠮᠠᠭᠤᠳᠠᠭᠰᠠᠨ᠂ ᠬᠥᠳᠡᠯᠵᠦ ᠪᠠᠷᠢᠬᠤ ᠳᠤ ᠳᠥᠭᠦᠮ ᠦᠭᠡᠢ ᠮᠥᠷᠲᠡᠭᠡᠨ ᠦᠷ᠎ᠡ ᠬᠡᠦᠬᠡᠳ ᠨᠢ ᠳᠡᠷᠭᠡᠳᠡ ᠨᠢ ᠪᠠᠶᠢᠬᠤ ᠦᠭᠡᠢ ᠰᠠᠭᠤᠭᠠᠯᠢ ᠠᠷᠠᠳ ᠢ ᠨᠡᠶᠢᠭᠡᠮ ᠲᠣᠭᠤᠷᠢᠭ ᠤᠨ ᠠᠵᠢᠯᠲᠠᠳ ᠭᠡᠷ ᠲᠤᠨᠢ ᠬᠦᠷᠴᠦ ᠡᠷᠦᠬᠡ ᠳᠤ ᠣᠷᠣᠬᠤ ᠠᠷᠭ᠎ᠠ ᠮᠠᠶ᠋ᠢᠭ ᠢᠶᠠᠷ ᠭᠡᠷᠡᠴᠢᠯᠡᠨ ᠮᠠᠭᠠᠳᠯᠠᠨ᠎ᠠ ᠂ ᠢᠩᠭᠢᠪᠡᠯ ᠤᠯᠠᠨ ᠲᠦᠮᠡᠨ ᠳᠤ ᠲᠦᠬᠦᠮ ᠦᠵᠡᠭᠦᠯᠵᠦ᠂ ᠦᠷ᠎ᠡ ᠪᠦᠲᠦᠮᠵᠢ ᠶᠢ ᠨᠢ ᠳᠡᠭᠡᠭᠰᠢᠯᠡᠭᠦᠯᠬᠦ ᠪᠠᠷ ᠪᠠᠷᠠᠬᠤ ᠦᠭᠡᠢ ᠪᠠᠰᠠ ᠭᠡᠷᠡᠴᠢᠯᠡᠬᠦ ᠠᠵᠢᠯ ᠤᠨ ᠥᠷᠨᠢᠯᠲᠡ ᠶᠢ ᠲᠦᠢᠯ ᠤᠨ ᠶᠡᠭᠡ ᠪᠠᠷ ᠠᠬᠢᠭᠤᠯᠵᠤ ᠴᠢᠳᠠᠨ᠎ᠠ᠃      ᠲᠠᠷᠠᠭᠠᠴᠢ ᠶᠢᠨ ᠠᠯᠬᠤᠮ ᠳᠤ᠂ ᠰᠢᠩ ᠬᠤᠸᠠ ᠵᠡᠭᠡᠯᠢ ᠭᠤᠳᠤᠮᠵᠢ ᠶᠢᠨ 5 ᠨᠡᠶᠢᠭᠡᠮ ᠲᠣᠭᠤᠷᠢᠭ ᠦᠢᠯᠡᠴᠢᠯᠡᠬᠡᠨ ᠤ ᠲᠦᠪᠰᠢᠨ ᠪᠠ ᠦᠢᠯᠡᠴᠢᠯᠡᠬᠡᠨ ᠤ ᠶᠠᠰᠤ ᠴᠢᠨᠠᠷ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠳᠤᠮᠳᠠ ᠭᠦᠨᠵᠡᠭᠡᠶᠢᠷᠡᠨ ᠠᠷᠠᠳ ᠤᠨ ᠵᠣᠪᠠᠭᠤᠷᠢ ᠶᠢ ᠰᠢᠢᠳᠪᠦᠷᠢᠯᠡᠵᠦ᠂ ᠠᠷᠠᠳ ᠤᠨ ᠬᠦᠴᠢᠷᠳᠡᠯ ᠢ ᠰᠢᠢᠳᠪᠦᠷᠢᠯᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠰᠠᠭᠤᠭᠠᠯᠢ ᠠᠷᠠᠳ ᠢ ᠬᠠᠨᠤᠮᠵᠢᠲᠠᠶ ᠪᠣᠯᠭᠠᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号