ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠬᠤᠭᠤᠴᠠᠭ᠎ᠠ ᠰᠣᠯᠢᠬᠤ ᠠᠵᠢᠯ ᠤᠨ ᠮᠡᠳᠡᠪᠡᠯ ᠵᠣᠬᠢᠬᠤ ᠵᠦᠢᠯ
ᠨᠡᠶᠢᠲᠡᠯᠡᠭᠰᠡᠨ ᠴᠠᠭ᠄
2020/12/31
    ᠪᠦᠬᠦ ᠶᠠᠪᠤᠴᠠ ᠳᠤ ᠭᠠᠷ ᠤᠨ ᠦᠰᠦᠭ ᠵᠢᠷᠤᠬᠤ ᠳᠦᠷᠢᠮ ᠭᠡᠵᠦ ᠶᠠᠭᠤ ᠪᠤᠢ︖     ᠪᠦᠬᠦ ᠶᠠᠪᠤᠴᠠ ᠳᠤ ᠭᠠᠷ ᠤᠨ ᠦᠰᠦᠭ ᠵᠢᠷᠤᠬᠤ ᠳᠦᠷᠢᠮ ᠭᠡᠳᠡᠭ ᠨᠢ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠯ᠎ᠡ ᠭᠤᠭᠴᠤᠭ᠎ᠠ ᠳᠤ ᠴᠥᠮ ᠡᠷᠬᠡᠪᠰᠢ ᠥᠷᠢᠰᠥᠯᠳᠦᠭᠡᠨ ᠳᠤ ᠣᠷᠣᠯᠴᠠᠭᠰᠠᠨ ᠬᠥᠮᠦᠰ ᠭᠠᠷ ᠤᠨ ᠦᠰᠦᠭ ᠵᠢᠷᠤᠵᠤ ᠵᠥᠪᠰᠢᠶᠡᠷᠡᠨ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠵᠢᠷᠤᠮ ᠠᠯᠬᠤᠮ ᠳᠠᠷᠠᠭ᠎ᠠ ᠶᠢ ᠴᠢᠩᠭ᠎ᠠ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂ ᠰᠣᠩᠭᠤᠭᠤᠯᠢ ᠶᠢᠨ ᠦᠷ᠎ᠡ ᠳ᠋ᠦᠩ ᠤᠨ ᠪᠦᠲᠦᠮᠵᠢᠲᠦ ᠴᠢᠨᠠᠷ ᠢ ᠪᠠᠲᠤᠯᠠᠬᠤ ᠶᠢ ᠵᠢᠭᠠᠵᠤ ᠪᠠᠶᠢᠨ᠎ᠠ᠃     ᠬᠤᠭᠤᠴᠠᠭ᠎ᠠ ᠰᠣᠯᠢᠬᠤ ᠰᠣᠩᠭᠤᠭᠤᠯᠢ ᠶᠢᠨ ︽ᠠᠷᠪᠠ ᠶᠢ ᠴᠢᠩᠭ᠎ᠠ ᠴᠠᠭᠠᠵᠠᠯᠠᠬᠤ︾ ᠲᠣᠭᠲᠠᠭᠠᠯ ᠤᠨ ᠪᠣᠳᠠᠲᠠᠶ ᠠᠭᠤᠯᠭ᠎ᠠ ᠨᠢ ᠶᠠᠭᠤ ᠪᠣᠶ︖     ᠬᠠᠷᠢᠭᠤᠯᠲᠠ᠄ ᠰᠦᠷᠳᠡᠭᠦᠯᠬᠦ᠂ ᠠᠶᠤᠯᠭᠠᠬᠤ᠂ ᠮᠡᠬᠡᠯᠡᠬᠦ ᠵᠡᠷᠭᠡ ᠠᠷᠭ᠎ᠠ ᠪᠠᠷ ᠨᠠᠮ ᠤᠨ ᠭᠡᠰᠢᠭᠦᠨ ᠪᠤᠶᠤ ᠰᠣᠩᠭᠤᠭᠤᠯᠢ ᠶᠢᠨ ᠠᠷᠠᠳ ᠤᠨ ᠰᠣᠩᠭᠤᠬᠤ ᠡᠷᠬᠡ ᠪᠠ ᠰᠣᠩᠭᠤᠭᠳᠠᠬᠤ ᠡᠷᠬᠡ ᠪᠠᠨ ᠬᠡᠷᠡᠭᠵᠢᠭᠦᠯᠬᠦ ᠶᠢ ᠬᠠᠷᠰᠢᠯᠠᠬᠤ ᠶᠢ ᠴᠢᠩᠭ᠎ᠠ ᠴᠠᠭᠠᠵᠠᠯᠠᠨ᠎ᠠ︔ ᠬᠤᠭᠤᠯᠠ ᠵᠠᠯᠠᠬᠤ᠂ ᠪᠡᠯᠡᠨ ᠵᠣᠭᠤᠰ᠂ ᠦᠨᠡᠲᠦ ᠲᠡᠮᠳᠡᠭ ᠪᠣᠯᠤᠨ ᠡᠯ᠎ᠡ ᠵᠦᠢᠯ ᠤᠨ ᠪᠡᠯᠡᠭ ᠬᠦᠷᠭᠡᠬᠦ ᠵᠢᠴᠢ ᠰᠣᠩᠭᠤᠭᠤᠯᠢ ᠪᠠᠷ ᠠᠮᠠᠯᠳᠠᠭᠰᠠᠨ ᠤ ᠳᠠᠷᠠᠭ᠎ᠠ ᠶᠠᠮᠠᠷ ᠨᠢᠭᠡᠨ ᠠᠰᠢᠭ ᠲᠤᠰᠠ ᠣᠯᠭᠤᠬᠤ ᠵᠡᠷᠭᠡ ᠬᠡᠯᠪᠡᠷᠢ ᠪᠠᠷ ᠳᠠᠮᠵᠢᠭᠤᠯᠤᠨ ᠪᠢᠯᠧᠲ ᠲᠠᠲᠠᠬᠤ᠂ ︽ᠬᠠᠭ᠋ᠤᠤᠯᠢᠲᠤ ᠰᠣᠩᠭᠤᠭᠤᠯᠢ︾ ᠬᠢᠬᠦ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠬᠤ ᠬᠡᠷᠡᠭᠲᠡᠶ︔ ᠰᠣᠩᠭᠤᠭᠤᠯᠢ ᠶᠢ ᠡᠵᠡᠮᠳᠡᠬᠦ᠂ ᠬᠤᠷᠠᠯ ᠬᠢᠵᠦ ᠬᠤᠷᠢᠭᠯᠠᠬᠤ ᠂ ᠮᠥᠷᠳᠡᠨ ᠬᠢᠨᠠᠬᠤ᠂ ᠬᠤᠳᠠᠯ ᠬᠠᠭᠤᠷᠮᠠᠭ ᠢᠶᠠᠷ ᠨᠠᠶᠢᠳᠠᠬᠤ᠂ ᠶᠡᠭᠡ ᠦᠰᠦᠭᠲᠦ ᠰᠣᠨᠢᠨ ᠨᠠᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠲᠥᠪ ᠪᠤᠰᠤ ᠠᠵᠢᠯᠯᠠᠭ᠎ᠠ ᠳᠤ ᠣᠷᠣᠯᠴᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ︔ ᠣᠪᠣᠭ ᠲᠥᠷᠥᠯ᠂ ᠠᠶᠢᠮᠠᠭ ᠪᠦᠯᠦᠭ᠂ ᠱᠠᠰᠢᠨ ᠰᠤᠷᠲᠠᠬᠤᠨ ᠪᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠰᠢᠭᠯᠠᠨ ᠬᠤᠭᠤᠴᠠᠭ᠎ᠠ ᠰᠣᠯᠢᠬᠤ ᠠᠵᠢᠯ ᠢ ᠬᠠᠷᠰᠢᠯᠠᠵᠤ ᠡᠪᠳᠡᠬᠦ ᠶᠢ ᠴᠢᠩᠭ᠎ᠠ ᠴᠠᠭᠠᠵᠠᠯᠠᠨ᠎ᠠ︔ ᠪᠢᠯᠧᠲ ᠤᠨ ᠬᠠᠶᠢᠷᠴᠠᠭ ᠢ ᠡᠪᠳᠡᠬᠦ᠂ ᠪᠤᠯᠢᠶᠠᠬᠤ᠂ ᠰᠣᠩᠭᠤᠭᠤᠯᠢ ᠶᠢᠨ ᠪᠢᠯᠧᠲ ᠢ ᠬᠠᠭᠤᠷᠮᠠᠭ ᠢᠶᠠᠷ ᠵᠣᠬᠢᠶᠠᠬᠤ᠂ ᠪᠢᠯᠧᠲ ᠤᠨ ᠲᠤᠭ᠎ᠠ ᠶᠢ ᠬᠠᠭᠤᠷᠮᠠᠭ ᠢᠶᠠᠷ ᠮᠡᠳᠡᠭᠦᠯᠬᠦ᠂ ᠰᠣᠩᠭᠤᠭᠤᠯᠢ ᠶᠢᠨ ᠬᠤᠷᠠᠯ ᠤᠨ ᠲᠠᠯᠠᠪᠠᠶ ᠶᠢ ᠳᠠᠭᠠᠷᠢᠬᠤ ᠵᠡᠷᠭᠡ ᠠᠷᠭ᠎ᠠ ᠪᠠᠷᠢᠯ ᠢᠶᠠᠷ ᠰᠣᠩᠭᠤᠭᠤᠯᠢ ᠶᠢᠨ ᠬᠡᠪ ᠢᠶᠠᠷ ᠶᠠᠪᠤᠭᠳᠠᠬᠤ ᠶᠢ ᠡᠪᠳᠡᠬᠦ ᠪᠠ ᠬᠠᠷᠰᠢᠯᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ︔ ᠪᠤᠰᠤᠳ ᠢ ᠭᠦᠳᠬᠡᠨ ᠬᠤᠣᠷᠯᠠᠬᠤ᠂ ᠭᠦᠳᠬᠡᠨ ᠬᠤᠣᠷᠯᠠᠬᠤ ᠪᠤᠶᠤ ᠶᠠᠪᠤᠭᠤᠯ ᠴᠢᠮᠡᠭᠡ ᠲᠠᠷᠬᠠᠭᠠᠵᠤ ᠬᠤᠭᠤᠴᠠᠭ᠎ᠠ ᠰᠣᠯᠢᠬᠤ ᠠᠵᠢᠯ ᠢ ᠰᠠᠮᠠᠭᠤᠷᠠᠭᠤᠯᠬᠤ ᠶᠢ ᠴᠢᠩᠭ᠎ᠠ ᠴᠠᠭᠠᠵᠠᠯᠠᠨ᠎ᠠ︔ ᠨᠠᠮ ᠤᠨ ᠭᠡᠰᠢᠭᠦᠨ ᠺᠠᠳ᠋ᠷ ᠤᠨ ᠨᠣᠶᠠᠨ ᠵᠡᠷᠭᠡ ᠡᠷᠭᠦᠮᠵᠢᠯᠡᠬᠦ ᠪᠠᠷ ᠠᠮᠠᠯᠠᠬᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠳᠤᠮᠳᠠ ᠵᠣᠬᠢᠶᠠᠨ ᠪᠠᠶᠢᠭᠤᠯᠤᠯᠲᠠ ᠶᠢᠨ ᠪᠤᠰᠤ ᠠᠵᠢᠯᠯᠠᠭ᠎ᠠ ᠬᠢᠬᠦ ᠶᠢ ᠨᠢᠭᠤᠨ ᠳᠠᠯᠳᠠᠯᠠᠬᠤ᠂ ᠥᠮᠥᠭᠯᠡᠬᠦ᠂ ᠥᠮᠥᠭᠯᠡᠬᠦ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ︔ ᠬᠤᠭᠤᠴᠠᠭ᠎ᠠ ᠰᠣᠯᠢᠬᠤ ᠰᠣᠩᠭᠤᠭᠤᠯᠢ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠪᠠᠶᠢᠴᠠᠭᠠᠵᠤ ᠰᠢᠢᠳᠪᠦᠷᠢᠯᠡᠬᠦ ᠶᠢ ᠬᠤᠷᠢᠭᠯᠠᠬᠤ ᠪᠤᠶᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠳᠤᠮᠳᠠᠬᠢ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠵᠦ᠂ ᠭᠡᠷᠡᠴᠢ ᠳᠤᠷᠠᠳᠴᠤ᠂ ᠵᠠᠭᠠᠯᠳᠤᠬᠤ ᠬᠥᠮᠦᠰ ᠲᠤ ᠴᠣᠬᠢᠯᠲᠠ ᠥᠭᠴᠦ᠂ ᠬᠠᠷᠢᠭᠤ ᠠᠪᠬᠤ ᠶᠢ ᠴᠢᠩᠭ᠎ᠠ ᠴᠠᠭᠠᠵᠠᠯᠠᠨ᠎ᠠ︔ ᠭᠠᠴᠠᠭ᠎ᠠ ᠲᠣᠰᠬᠤᠨ ᠤ ᠺᠠᠳ ᠷᠴᠤᠳ ᠳᠤᠷ᠎ᠠ ᠪᠠᠷ ᠢᠶᠠᠨ ᠠᠵᠢᠯ ᠤᠨ ᠪᠠᠶᠢᠷᠢ ᠠᠴᠠ ᠪᠠᠨ ᠰᠠᠯᠬᠤ᠂ ᠠᠵᠢᠯ ᠢᠶᠠᠨ ᠲᠠᠰᠤᠯᠳᠠᠬᠤ᠂ ᠬᠤᠭᠤᠴᠠᠭ᠎ᠠ ᠰᠣᠯᠢᠬᠤ ᠲᠣᠬᠢᠶᠠᠯ ᠢ ᠠᠰᠢᠭᠯᠠᠨ ᠵᠣᠭᠤᠰ ᠮᠥᠩᠭᠦ ᠱᠠᠯᠠᠪᠳᠠᠨ ᠵᠠᠷᠤᠬᠤ᠂ ᠠᠯᠪᠠᠨ ᠤ ᠡᠳ ︵ᠵᠣᠭᠤᠰ︶ ᠢ ᠳᠠᠯᠳᠠᠭᠤᠷ ᠬᠤᠪᠢᠶᠠᠬᠤ᠂ ᠨᠥᠬᠦᠪᠥᠷᠢ ᠪᠣᠯᠤᠨ ᠱᠠᠩᠨᠠᠯ ᠤᠨ ᠮᠥᠩᠭᠦ ᠶᠢ ᠳᠤᠷ᠎ᠠ ᠪᠠᠷ ᠢᠶᠠᠨ ᠣᠯᠭᠤᠬᠤ᠂ ᠬᠠᠮᠲᠤ ᠶᠢᠨ ᠡᠳ ᠬᠥᠷᠥᠩᠭᠡ ᠶᠢ ᠳᠤᠷ᠎ᠠ ᠪᠠᠷ ᠢᠶᠠᠨ ᠰᠢᠶ᠋ᠳᠪᠦᠷᠢᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ︔ ᠬᠤᠭᠤᠴᠠᠭ᠎ᠠ ᠰᠣᠯᠢᠭᠰᠠᠨ ᠤ ᠳᠠᠷᠠᠭ᠎ᠠ ᠠᠵᠢᠯ ᠲᠤᠰᠢᠶᠠᠬᠤ ᠦᠭᠡᠶ᠂ ᠲᠠᠮᠠᠭ᠎ᠠ ᠲᠤᠰᠢᠶᠠᠬᠤ ᠦᠭᠡᠶ᠂ ᠳᠠᠩᠰᠠᠨ ᠳᠡᠪᠲᠡᠷ ᠲᠤᠰᠢᠶᠠᠬᠤ ᠦᠭᠡᠶ᠂ ᠳᠠᠩᠰᠠ ᠡᠪᠬᠡᠮᠡᠯ ᠲᠤᠰᠢᠶᠠᠬᠤ ᠦᠭᠡᠶ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠶ᠃     ᠶᠠᠭᠤ ᠶᠢ ᠰᠢᠭᠤᠳ ᠰᠣᠩᠭᠤᠭᠤᠯᠢ ᠪᠠ ᠳᠠᠮ ᠰᠣᠩᠭᠤᠭᠤᠯᠢ ᠭᠡᠬᠦ ᠪᠤᠢ︖     ᠬᠠᠷᠢᠭᠤᠯᠲᠠ᠄ ᠰᠢᠭᠤᠳ ᠰᠣᠩᠭᠤᠬᠤ ᠭᠡᠳᠡᠭ ᠨᠢ ᠰᠣᠩᠭᠤᠭᠰᠠᠳ ᠥᠪᠡᠷ ᠢᠶᠠᠨ ᠰᠢᠭᠤᠳ ᠫᠢᠶᠣᠣ ᠥᠭᠴᠦ ᠰᠣᠩᠭᠤᠭᠳᠠᠭᠰᠠᠳ ᠢ ᠰᠣᠩᠭᠤᠬᠤ ᠶᠢ ᠵᠢᠭᠠᠵᠤ ᠪᠠᠶᠢᠨ᠎ᠠ︔ ᠲᠠᠮ ᠰᠣᠩᠭᠤᠭᠤᠯᠢ ᠭᠡᠳᠡᠭ ᠨᠢ ᠰᠣᠩᠭᠤᠭᠤᠯᠢ ᠶᠢᠨ ᠠᠷᠠᠳ ᠰᠣᠩᠭᠤᠭᠳᠠᠭᠴᠢ ᠶᠢ ᠰᠢᠭᠤᠳ ᠰᠣᠩᠭᠤᠨ ᠭᠠᠷᠭᠠᠬᠤ ᠦᠭᠡᠢ᠂ ᠬᠠᠷᠢᠨ ᠤᠷᠢᠳ ᠢᠶᠠᠷ ᠥᠪᠡᠷ ᠤᠨ ᠲᠥᠯᠥᠭᠡᠯᠡᠭᠴᠢ ᠪᠤᠶᠤ ᠲᠥᠯᠥᠭᠡᠯᠡᠭᠴᠢ ᠶᠢᠨ ᠵᠣᠬᠢᠶᠠᠨ ᠪᠠᠶᠢᠭᠤᠯᠤᠯᠲᠠ ᠪᠠᠨ ᠰᠣᠩᠭᠤᠨ ᠭᠠᠷᠭᠠᠵᠤ᠂ ᠲᠠᠷᠠᠭ᠎ᠠ ᠨᠢ ᠲᠡᠳᠡ ᠰᠣᠩᠭᠤᠭᠤᠯᠢ ᠶᠢᠨ ᠠᠷᠠᠳ ᠢ ᠲᠥᠯᠥᠭᠡᠯᠡᠨ ᠰᠣᠩᠭᠤᠭᠳᠠᠭᠴᠢ ᠶᠢ ᠰᠣᠩᠭᠤᠵᠤ ᠭᠠᠷᠭᠠᠬᠤ ᠶᠢ ᠵᠢᠭᠠᠵᠤ ᠪᠠᠶᠢᠨ᠎ᠠ ᠃ ᠰᠢᠭᠤᠳ ᠰᠣᠩᠭᠤᠭᠤᠯᠢ ᠶᠠᠪᠤᠭᠤᠯᠬᠤ ᠪᠣᠯ ᠰᠣᠩᠭᠤᠭᠤᠯᠢ ᠶᠢᠨ ᠠᠷᠠᠳ ᠤᠨ ᠬᠦᠰᠡᠯ ᠰᠠᠨᠠᠭ᠎ᠠ ᠪᠠᠨ ᠰᠢᠭᠤᠳ ᠢᠯᠡᠳᠬᠡᠬᠦ ᠶᠠᠪᠤᠳᠠᠯ ᠮᠥᠨ᠂ ᠳᠠᠮ ᠰᠣᠩᠭᠤᠭᠤᠯᠢ ᠶᠠᠪᠤᠭᠤᠯᠬᠤ ᠪᠣᠯ ᠪᠤᠰᠤᠳ ᠲᠤ ᠨᠠᠶᠢᠳᠠᠵᠤ ᠬᠦᠰᠡᠯ ᠰᠠᠨᠠᠭ᠎ᠠ ᠪᠠᠨ ᠳᠠᠮ ᠢᠶᠠᠷ ᠢᠯᠡᠳᠬᠡᠬᠦ ᠶᠠᠪᠤᠳᠠᠯ ᠮᠥᠨ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠴᠠᠭᠠᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾ ᠶᠢᠨ ᠠᠷᠪᠠᠨ ᠨᠢᠭᠡᠳᠦᠭᠡᠷ ᠵᠦᠢᠯ ᠳᠤ ︽ᠭᠠᠴᠠᠭᠠᠨ ᠤ ᠠᠷᠠᠳ ᠤᠨ ᠵᠥᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ ᠪᠠ ᠭᠡᠰᠢᠭᠦᠨ ᠢ ᠭᠠᠴᠠᠭᠠᠨ ᠤ ᠠᠷᠠᠳ ᠤᠨ ᠰᠢᠭᠤᠳ ᠰᠣᠩᠭᠤᠭᠤᠯᠢ ᠪᠠᠷ ᠰᠣᠩᠭᠤᠵᠤ ᠭᠠᠷᠭᠠᠨ᠎ᠠ︾ ᠭᠡᠵᠦ ᠲᠣᠳᠣᠷᠬᠠᠢ ᠲᠣᠭᠲᠠᠭᠠᠵᠠᠢ᠃     ᠶᠠᠭᠤ ᠶᠢ ᠲᠣᠭᠠᠨ ᠤ ᠵᠥᠷᠢᠶᠡᠲᠦ ᠰᠣᠩᠭᠤᠭᠤᠯᠢ ᠪᠠ ᠲᠡᠩᠴᠡᠭᠦᠦ ᠲᠣᠭᠠᠲᠤ ᠰᠣᠩᠭᠤᠭᠤᠯᠢ ᠭᠡᠬᠦ ᠪᠤᠢ︖     ᠬᠠᠷᠢᠭᠤᠯᠲᠠ᠄ ᠲᠣᠭᠠᠨ ᠤ ᠵᠥᠷᠢᠶᠡᠲᠦ ᠰᠣᠩᠭᠤᠭᠤᠯᠢ ᠭᠡᠳᠡᠭ ᠨᠢ ᠵᠢᠱᠢᠭᠳᠡᠭᠰᠡᠳ ᠤᠨ ᠲᠤᠭ᠎ᠠ ᠶᠢ ᠰᠣᠩᠭᠤᠭᠳᠠᠭᠰᠠᠳ ᠤᠨ ᠲᠤᠭ᠎ᠠ ᠠᠴᠠ ᠢᠯᠡᠭᠦᠦ ᠪᠠᠶᠢᠯᠭᠠᠬᠤ ᠰᠣᠩᠭᠤᠭᠤᠯᠢ ᠶᠢᠨ ᠠᠷᠭ᠎ᠠ ᠮᠠᠶ᠋ᠢᠭ ᠢ ᠵᠢᠭᠠᠵᠤ ᠪᠠᠶᠢᠨ᠎ᠠ︔ ᠲᠡᠩᠴᠡᠭᠦᠦ ᠲᠣᠭᠠᠲᠤ ᠰᠣᠩᠭᠤᠭᠤᠯᠢ ᠭᠡᠳᠡᠭ ᠨᠢ ᠵᠢᠱᠢᠭᠳᠡᠭᠰᠡᠳ ᠤᠨ ᠲᠤᠭ᠎ᠠ ᠨᠢ ᠰᠣᠩᠭᠤᠭᠳᠠᠭᠰᠠᠳ ᠤᠨ ᠲᠤᠭ᠎ᠠ ᠲᠠᠢ ᠲᠡᠩᠴᠡᠭᠦᠦ ᠪᠠᠶᠢᠬᠤ ᠰᠣᠩᠭᠤᠭᠤᠯᠢ ᠶᠢᠨ ᠠᠷᠭ᠎ᠠ ᠮᠠᠶ᠋ᠢᠭ ᠢ ᠵᠢᠭᠠᠵᠤ ᠪᠠᠶᠢᠨ᠎ᠠ᠃ ᠵᠥᠷᠢᠶᠡᠲᠦ ᠰᠣᠩᠭᠤᠭᠤᠯᠢ ᠨᠢ ᠠᠷᠠᠳᠴᠢᠯᠠᠯ ᠢ ᠪᠠᠳᠠᠷᠠᠭᠤᠯᠬᠤ᠂ ᠠᠷᠠᠳ ᠤᠨ ᠰᠠᠨᠠᠭ᠎ᠠ ᠶᠢ ᠢᠯᠡᠷᠡᠭᠦᠯᠬᠦ ᠳᠤ ᠨᠡᠩ ᠠᠰᠢᠭᠲᠠᠶ ᠪᠠᠶᠢᠳᠠᠭ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠣᠩᠭᠤᠭᠤᠯᠢ ᠶᠢᠨ ᠠᠵᠢᠯ ᠤᠨ ᠳᠦᠷᠢᠮ︾ ᠪᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠴᠠᠭᠠᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾ ᠳᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠭᠠᠴᠠᠭᠠᠨ ᠤ ᠠᠷᠠᠳ ᠤᠨ ᠵᠥᠪᠯᠡᠯ ᠳᠤ ᠵᠥᠷᠢᠶᠡᠲᠦ ᠰᠣᠩᠭᠤᠭᠤᠯᠢ ᠶᠠᠪᠤᠭᠤᠯᠤᠨ᠎ᠠ ᠭᠡᠵᠦ ᠲᠤᠰ ᠲᠤᠰ ᠲᠣᠭᠲᠠᠭᠠᠵᠠᠶ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号