︵94  ᠳ᠋ᠦ᠋ᠭᠡᠷ︶ ᠰᠢᠨ᠎ᠡ ᠵᠢᠯ ᠤᠨ ᠰᠢᠨ᠎ᠡ ᠶᠢᠨ ᠨᠢᠭᠡᠨ᠂ ᠴᠠᠭᠠᠨ ᠰᠠᠷ᠎ᠠ ᠶᠢᠨ ᠬᠤᠭᠤᠴᠠᠭᠠᠨ ᠳᠤ ᠪᠤᠴᠠᠵᠤ ᠢᠷᠡᠭᠰᠡᠨ ᠪᠠ ᠬᠤᠳᠠ ᠶᠢᠨ ᠥᠷᠭᠡᠨ ᠤᠯᠠᠨ ᠠᠷᠠᠳ ᠨᠠᠶᠢᠵᠠ ᠨᠠᠷ ᠲᠤ ᠥᠭᠭᠦᠭᠰᠡᠨ ᠨᠢᠭᠡᠨ ᠵᠠᠬᠢᠳᠠᠯ
ᠨᠡᠶᠢᠲᠡᠯᠡᠭᠰᠡᠨ ᠴᠠᠭ᠄
2020/12/31
ᠥᠷᠭᠡᠨ ᠣᠯᠠᠨ ᠬᠤᠲᠠ ᠶᠢᠨ ᠠᠷᠠᠳ᠄     ᠰᠠᠶᠢᠨ ᠪᠠᠶᠢᠵᠠᠭᠠᠨ᠎ᠠ ᠦᠦ︕ ᠰᠢᠨ᠎ᠡ ᠵᠢᠯ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠬᠦᠷᠴᠦ ᠢᠷᠡᠬᠦ ᠲᠠᠰᠢᠷᠠᠮ ᠢᠶᠠᠷ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠦᠷᠭᠦᠯᠵᠢᠯᠡᠨ ᠦᠷᠪᠢᠰᠦᠨ ᠳᠡᠯᠭᠡᠷᠡᠬᠦ᠂ ᠬᠢᠯᠢ ᠶᠢᠨ ᠳᠣᠲᠣᠷ᠎ᠠ ᠨᠤᠲᠤᠭ ᠤᠨ ᠬᠠᠯᠳᠠᠪᠤᠷᠢᠲᠤ ᠲᠠᠭᠰᠢᠭᠤᠷ ᠤᠨ ᠡᠪᠡᠳᠴᠢᠲᠡᠨ ᠣᠯᠠᠰᠢᠷᠠᠬᠤ᠂ ᠠᠭᠠᠷ ᠤᠨ ᠳᠤᠯᠠᠭᠠᠨ ᠪᠠᠭᠤᠷᠠᠬᠤ᠂ ᠬᠠᠯᠳᠠᠪᠤᠷᠢᠲᠤ ᠲᠠᠭᠰᠢᠭᠤᠷ ᠤᠨ ᠸᠢᠷᠦ᠋ᠰ ᠬᠠᠯᠳᠠᠪᠤᠷᠢᠯᠠᠬᠤ ᠲᠦᠭᠰᠢᠭᠦᠷᠢ ᠨᠡᠮᠡᠭᠳᠡᠬᠦ ᠵᠡᠷᠭᠡ ᠣᠯᠠᠨ ᠳᠠᠪᠬᠤᠷ ᠬᠦᠴᠦᠨ ᠵᠦᠢᠯ ᠤᠨ ᠨᠥᠯᠥᠭᠡ ᠠᠴᠠ ᠪᠣᠯᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠲᠦᠢᠯ ᠤᠨ ᠪᠤᠳᠤᠯᠢᠶᠠᠨᠲᠠᠶ ᠬᠦᠨᠳᠦ ᠨᠣᠴᠢᠲᠠᠶ ᠪᠠᠶᠢᠨ᠎ᠠ᠃ ᠲᠠ ᠪᠣᠯᠤᠨ ᠲᠠᠨ ᠤ ᠬᠡᠷ ᠤᠨ ᠬᠥᠮᠦᠰ ᠵᠢᠴᠢ ᠨᠠᠩ ᠣᠯᠠᠨ ᠨᠤᠲᠤᠭ ᠤᠨ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠲᠥᠯᠥᠭᠡ᠂ ᠮᠠᠨ ᠤ ᠬᠤᠲᠠ ᠶᠢᠨ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠨᠠᠨᠳᠢᠩᠨᠠᠵᠤ᠂ ᠣᠯᠠᠨ ᠢ ᠠᠮᠤᠷ ᠲᠠᠶᠢᠪᠤᠩ ᠡᠶ᠎ᠡ ᠨᠠᠶᠢᠷᠠᠮᠳᠠᠭᠤ ︽ᠬᠤᠤᠰ ᠪᠠᠶᠠᠷ︾ ᠤᠨ ᠡᠳᠦᠷ ᠥᠩᠭᠡᠷᠡᠭᠦᠯᠬᠦ ᠶᠢᠨ ᠲᠥᠯᠥᠭᠡ᠂ ᠣᠲᠣ ᠮᠠᠨ ᠤ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠯᠪᠣᠭᠳᠠᠯ ᠪᠥᠬᠦᠶ ᠶᠠᠪᠤᠳᠠᠯ ᠤᠨ ᠲᠤᠬᠠᠶ ᠲᠠᠨ ᠳᠤ ᠳᠣᠤᠷᠠᠬᠢ ᠮᠡᠲᠦ ᠰᠠᠨᠠᠭᠤᠯᠤᠮᠵᠢ ᠥᠭᠭᠦᠶ᠎ᠡ᠄     ᠨᠢᠭᠡ᠂ ᠬᠠᠷᠢᠶ᠎ᠠ ᠭᠠᠵᠠᠷ ᠤᠨ ᠬᠠᠮᠢᠶᠠᠷᠤᠯᠲᠠ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠎ᠠ᠃ ᠬᠡᠷᠪᠡ ᠲᠠ ᠬᠢᠯᠢ ᠶᠢᠨ ᠭᠠᠳᠠᠨ᠎ᠠ ᠪᠤᠶᠤ ᠳᠤᠮᠳᠠ ᠵᠡᠷᠭᠡ ᠶᠢᠨ ᠪᠠ ᠥᠨᠳᠥᠷ ᠵᠡᠷᠭᠡ ᠶᠢᠨ ᠠᠶᠤᠯ ᠲᠦᠭᠰᠢᠭᠦᠷᠢ ᠲᠠᠢ ᠬᠢᠵᠢᠭᠲᠦ ᠣᠷᠣᠨ ᠠᠴᠠ ᠬᠡᠷ ᠲᠡᠭᠡᠨ ᠬᠠᠷᠢᠮᠠᠭᠴᠠ ᠲᠡᠷᠡ ᠳᠠᠷᠤᠶ ᠳᠤᠨᠢ ᠪᠠᠶᠢᠭ᠎ᠠ ᠲᠣᠰᠬᠤᠨ ᠪᠤᠶᠤ ᠨᠡᠶᠢᠭᠡᠮ ᠲᠣᠭᠤᠷᠢᠭ ᠲᠤ ᠬᠦᠷᠴᠦ ᠮᠡᠳᠡᠭᠦᠯᠦᠨ ᠳᠠᠩᠰᠠᠯᠠᠭᠤᠯᠵᠤ᠂ ᠱᠠᠭᠠᠷᠳᠠᠯᠭ᠎ᠠ ᠶᠣᠰᠣᠭᠠᠷ ᠲᠤᠰᠠᠭᠠᠷᠯᠠᠬᠤ ᠪᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠲᠠᠢ ᠬᠠᠮᠵᠢᠯᠴᠠᠨ᠂ ᠥᠪᠡᠷ ᠢᠶᠠᠨ ᠪᠠ ᠬᠡᠷ ᠪᠦᠯᠢ ᠶᠢᠨ ᠪᠦᠷᠢᠯᠳᠦᠬᠦᠨ ᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠬᠡᠷᠡᠭᠲᠡᠶ᠂ ᠬᠡᠷᠪᠡ ᠬᠠᠯᠠᠭᠤᠷᠠᠬᠤ᠂ ᠲᠠᠮᠢᠷᠳᠠᠬᠤ᠂ ᠬᠠᠨᠢᠶᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠳᠠᠷᠤᠶ ᠲᠦᠷᠭᠡᠨ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠬᠦᠷᠴᠦ ᠡᠮᠨᠡᠭᠦᠯᠬᠦ ᠶᠢᠨ ᠬᠠᠮᠲᠤ ᠣᠶᠢᠷ᠎ᠠ ᠶᠢᠨ ᠬᠤᠭᠤᠴᠠᠭᠠᠨ ᠤ ᠠᠵᠢᠯᠯᠠᠭ᠎ᠠ ᠶᠢᠨ ᠤᠯᠠ ᠮᠥᠷ ᠢ ᠰᠠᠨᠠᠭᠠᠴᠢᠯᠠᠭ᠎ᠠ ᠠᠴᠠ ᠪᠠᠨ ᠮᠡᠳᠡᠭᠳᠡᠬᠦ ᠬᠡᠷᠡᠭᠲᠡᠶ︔ ᠶᠠᠪᠤᠵᠤ ᠰᠠᠭᠤᠬᠤ ᠪᠠᠨ ᠰᠢᠨᠵᠢᠯᠡᠬᠦ ᠤᠬᠠᠭᠠᠨᠴᠢ ᠪᠠᠷ ᠵᠣᠬᠢᠰᠲᠠᠢ ᠲᠤᠬᠢᠷᠠᠭᠤᠯᠵᠤ᠂ ᠵᠠᠪᠠᠯ ᠶᠠᠪᠤᠵᠤ ᠰᠠᠭᠤᠬᠤ ᠪᠢᠰᠢ᠂ ᠢᠯᠠᠩᠭᠤᠶ᠎ᠠ ᠳᠤᠮᠳᠠ ᠥᠨᠳᠥᠷ ᠠᠶᠤᠯ ᠲᠦᠭᠰᠢᠭᠦᠷᠢ ᠲᠠᠢ ᠭᠠᠵᠠᠷ ᠣᠷᠣᠨ ᠳᠤ ᠣᠴᠢᠵᠤ ᠪᠣᠯᠬᠤ ᠦᠭᠡᠢ᠃ ᠰᠣᠷᠣᠭᠴᠢ᠂ ᠨᠤᠲᠤᠭ ᠲᠠᠭᠠᠨ ᠪᠤᠴᠠᠭᠰᠠᠨ ᠬᠥᠮᠦᠰ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠨᠤᠲᠤᠭ ᠲᠠᠭᠠᠨ ᠪᠤᠴᠠᠵᠤ ᠠᠵᠢᠯ ᠤᠨ ᠪᠠᠶᠢᠷᠢ ᠳᠠᠭᠠᠨ ᠪᠤᠴᠠᠬᠤ ᠶᠢ ᠵᠣᠷᠢᠭᠵᠢᠭᠤᠯᠵᠤ᠂ ᠲᠤᠬᠠᠶ ᠶᠢᠨ ᠭᠠᠵᠠᠷ ᠲᠤᠨᠢ ᠪᠠᠶᠠᠷ ᠤᠨ ᠡᠳᠦᠷ ᠥᠩᠭᠡᠷᠡᠭᠦᠯᠬᠦ ᠶᠢ ᠵᠣᠷᠢᠭᠵᠢᠭᠤᠯᠤᠨ᠂ ᠵᠠᠷᠢᠮ ᠨᠠᠰᠤᠲᠠᠶᠢᠴᠤᠳ᠂ ᠤᠵᠢᠭ ᠡᠪᠡᠳᠴᠢᠲᠡᠨ᠂ ᠵᠢᠷᠮᠦᠰᠦᠨ ᠪᠦᠰᠡᠭᠦᠶ ᠵᠡᠷᠭᠡ ᠬᠥᠮᠦᠰ ᠤᠨ ᠭᠠᠳᠠᠭᠰᠢ ᠭᠠᠷᠬᠤ ᠶᠢ ᠰᠠᠨᠠᠭᠤᠯᠬᠤ ᠥᠬᠡᠶ᠃     ᠬᠤᠶᠠᠷ᠂ ᠵᠢᠭᠤᠯᠴᠢᠯᠠᠯ ᠤᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃ ᠠᠯᠢ ᠴᠢᠳᠠᠬᠤ ᠪᠠᠷ ᠰᠦᠯᠵᠢᠶᠡᠨ ᠳᠡᠭᠡᠷ᠎ᠡ ᠠᠴᠠ ᠪᠢᠯᠧᠲ ᠬᠤᠳᠠᠯᠳᠤᠨ ᠠᠪᠬᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠦᠶ᠎ᠡ ᠳᠤ᠂ ᠠᠵᠢᠯᠲᠠᠳ ᠲᠠᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠪᠡᠶ᠎ᠡ ᠶᠢᠨ ᠬᠠᠯᠠᠭᠤᠨ ᠢ ᠪᠠᠶᠢᠴᠠᠭᠠᠨ ᠬᠡᠮᠵᠢᠬᠦ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ᠂ ᠪᠥᠬᠦ ᠶᠠᠪᠤᠴᠠ ᠳᠤ ᠠᠮᠠᠪᠴᠢ ᠵᠡᠭᠦᠬᠦ ᠶᠢᠨ ᠬᠠᠮᠲᠤ ᠲᠡᠷᠭᠡ ᠬᠥᠰᠬᠡ᠂ ᠰᠠᠭᠤᠳᠠᠯ ᠤᠨ ᠳᠠᠷᠠᠭᠠᠯᠠᠯ ᠵᠡᠷᠭᠡ ᠮᠡᠳᠡᠭᠡ ᠵᠠᠩᠭᠢ ᠶᠢ ᠲᠡᠮᠳᠡᠭᠯᠡᠨ᠂ ᠠᠶᠠᠯᠠᠯ ᠤᠨ ᠫᠢᠶᠣᠣ ᠪᠠᠷᠢᠮᠲᠠ ᠪᠠ ᠡᠯᠧᠺᠲᠷᠣᠨ ᠬᠡᠷᠡᠭᠯᠡᠭᠡ ᠶᠢᠨ ᠲᠡᠮᠳᠡᠭᠯᠡᠯ ᠢ ᠲᠣᠬᠢᠲᠠᠶ ᠬᠠᠳᠠᠭᠠᠯᠠᠵᠤ᠂ ᠪᠠᠶᠢᠴᠠᠭᠠᠨ ᠯᠠᠪᠯᠠᠬᠤ᠂ ᠮᠥᠷᠳᠡᠬᠦ ᠳᠤ ᠲᠥᠬᠦᠮ ᠪᠣᠯᠭᠠᠭᠠᠷᠠᠶ︔ ᠬᠢᠯᠢ ᠶᠢᠨ ᠭᠠᠳᠠᠨᠠᠬᠢ ᠥᠪᠡᠷ ᠢᠶᠠᠷ ᠵᠢᠯᠣᠭᠤᠳᠴᠤ ᠪᠤᠴᠠᠬᠤ ᠨᠠᠶᠢᠵᠠ ᠮᠢᠨᠢ ᠪᠣᠭᠤᠬᠤ ᠦᠶᠡᠰ ᠲᠡᠷᠭᠡ ᠪᠠ ᠠᠵᠢᠯᠲᠠᠨ ᠢ ᠬᠢᠨᠠᠨ ᠬᠡᠮᠵᠢᠬᠦ ᠬᠠᠮᠢᠶᠠᠷᠤᠯᠲᠠ ᠶᠢᠨ ᠠᠵᠢᠯ ᠢ ᠬᠠᠮᠵᠢᠯᠴᠠᠨ ᠰᠠᠶᠢᠲᠤᠷ ᠬᠢᠭᠡᠷᠡᠶ᠃     ᠭᠤᠷᠪᠠ᠂ ᠬᠤᠷᠠᠵᠤ ᠬᠠᠯᠳᠠᠪᠤᠷᠢᠯᠠᠬᠤ ᠲᠦᠭᠰᠢᠭᠦᠷᠢ ᠶᠢ ᠪᠠᠭᠤᠷᠠᠭᠤᠯᠬᠤ ᠬᠡᠷᠡᠭᠲᠡᠶ᠃ ᠲᠥᠷᠥᠯ ᠰᠠᠳᠤᠨ ᠨᠠᠶᠢᠵᠠ ᠨᠥᠬᠦᠳ ᠢᠶᠠᠨ ᠡᠷᠭᠢᠵᠦ ᠦᠵᠡᠬᠦ ᠤᠳᠠᠭ᠎ᠠ ᠶᠢ ᠠᠯᠢ ᠴᠢᠳᠠᠬᠤ ᠪᠠᠷ ᠪᠠᠭᠠᠰᠬᠠᠵᠤ᠂ ᠴᠤᠭᠯᠠᠭᠠᠨ ᠪᠣᠯᠬᠤ ᠶᠢ ᠪᠠᠭᠠᠰᠬᠠᠵᠤ᠂ ᠴᠤᠭᠯᠠᠭᠠᠨ ᠬᠢᠬᠦ ᠴᠠᠭ ᠢ ᠵᠦᠶ ᠵᠣᠬᠢᠰᠲᠠᠶ ᠬᠢᠵᠠᠭᠠᠷᠯᠠᠵᠤ᠂ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠵᠤ᠂ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠪᠠᠭᠠᠰᠬᠠᠵᠤ᠂ ᠤᠲᠠᠰᠤ ᠪᠠᠷ ᠰᠢᠨ᠎ᠡ ᠶᠢᠨ ᠵᠣᠯᠭᠠᠯᠲᠠ ᠬᠢᠬᠦ᠂ ᠸᠢᠴᠠᠲ ᠢᠶᠠᠷ ᠰᠢᠨ᠎ᠡ ᠶᠢᠨ ᠵᠣᠯᠭᠠᠯᠲᠠ ᠬᠢᠬᠦ ᠵᠡᠷᠭᠡ ᠠᠷᠭ᠎ᠠ ᠬᠡᠯᠪᠡᠷᠢ ᠪᠠᠷ ᠪᠢᠲᠡᠭᠦᠮᠵᠢᠯᠡᠭᠰᠡᠨ ᠲᠠᠯᠠᠪᠤᠷ ᠪᠠ ᠬᠥᠮᠦᠰ ᠤᠨ ᠴᠤᠭᠯᠠᠷᠠᠬᠤ ᠲᠠᠯᠠᠪᠤᠷ ᠲᠤ ᠣᠴᠢᠬᠤ ᠶᠢ ᠠᠯᠢ ᠴᠢᠳᠠᠬᠤ ᠪᠠᠷ ᠪᠠᠭᠠᠰᠬᠠᠭᠠᠷᠠᠶ᠃     ᠳᠥᠷᠪᠡ᠂ ᠲᠣᠰ ᠪᠡᠶ᠎ᠡ ᠶᠢᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠬᠦ ᠬᠡᠷᠡᠭᠲᠡᠶ᠃ ᠠᠮᠠᠷᠠᠬᠤ ᠪᠠ ᠪᠣᠯᠪᠠᠰᠤᠷᠠᠬᠤ ᠶᠢ ᠠᠩᠬᠠᠷᠴᠤ᠂ ᠪᠡᠶ᠎ᠡ ᠶᠢᠨ ᠦᠯᠦ ᠬᠠᠯᠳᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠦᠷᠭᠦᠯᠵᠢ ᠰᠠᠯᠬᠢ ᠨᠡᠪᠲᠡᠷᠡᠵᠦ᠂ ᠭᠠᠷ ᠢᠶᠠᠨ ᠦᠷᠭᠦᠯᠵᠢ ᠤᠬᠢᠶᠠᠵᠤ᠂ ᠠᠮᠠᠪᠴᠢ ᠵᠡᠭᠦᠬᠦ ᠶᠢ ᠵᠢᠷᠤᠮᠵᠢᠭᠤᠯᠤᠨ᠂ ᠵᠡᠭᠦᠵᠦ ᠥᠩᠭᠡᠷᠡᠭᠰᠡᠨ ᠠᠮᠠᠪᠴᠢ ᠪᠠᠨ ᠳᠤᠷ᠎ᠠ ᠪᠠᠷ ᠢᠶᠠᠨ ᠬᠠᠶᠠᠬᠤ ᠦᠭᠡᠢ ᠪᠠᠶᠢᠵᠤ᠂ ︽ᠨᠢᠭᠡ ᠮᠧᠲᠷ ᠤᠨ ᠱᠤᠭᠤᠮ︾ ᠢ ᠪᠠᠷᠢᠮᠲᠠᠯᠠᠨ᠂ ᠨᠡᠶᠢᠲᠡ ᠶᠢᠨ ᠰᠠᠪᠬ᠎ᠠ ᠵᠡᠷᠭᠡ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠪᠠ ᠦᠢᠯᠡ ᠠᠵᠢᠯᠯᠠᠭ᠎ᠠ ᠶᠢ ᠬᠡᠷᠡᠭᠯᠡᠵᠦ᠂ ᠰᠢᠮ᠎ᠡ ᠲᠡᠵᠢᠭᠡᠯᠲᠦ ᠢᠳᠡᠭᠡᠨ ᠤᠮᠳᠠᠭᠠᠨ ᠢ ᠲᠡᠩᠴᠡᠭᠦᠷᠢᠲᠡᠢ ᠪᠠᠶᠢᠯᠭᠠᠵᠤ᠂ ᠠᠵᠢᠯᠯᠠᠵᠤ ᠠᠮᠠᠷᠠᠬᠤ ᠶᠢ ᠵᠣᠬᠢᠰᠲᠠᠢ ᠲᠤᠬᠢᠷᠠᠭᠤᠯᠤᠨ᠎ᠠ︔ ᠬᠠᠨᠢᠶᠠᠬᠤ᠂ ᠨᠠᠶᠢᠲᠠᠭᠠᠬᠤ ᠦᠶ᠎ᠡ ᠳᠤ ᠬᠠᠯᠬᠠᠯᠠᠬᠤ ᠶᠢ ᠠᠩᠬᠠᠷᠴᠤ᠂ ᠭᠠᠷ ᠢᠶᠠᠷ ᠢᠶᠠᠨ ᠠᠮᠠ ᠬᠠᠮᠠᠷ ᠲᠠᠢ ᠬᠦᠷᠦᠯᠴᠡᠬᠦ ᠠᠴᠠ ᠵᠠᠶᠢᠯᠠᠰᠬᠢᠵᠦ᠂ ᠴᠠᠭ ᠲᠤᠬᠠᠶ ᠳᠤᠨᠢ ᠭᠠᠷ ᠤᠬᠢᠶᠠᠬᠤ ᠰᠢᠩᠭᠡᠨ ᠢᠶᠠᠷ ᠭᠠᠷ ᠢᠶᠠᠨ ᠤᠬᠢᠶᠠᠬᠤ ᠪᠤᠶᠤ ᠲᠦᠷᠭᠡᠨ ᠭᠠᠷ ᠠᠷᠢᠭᠤᠳᠬᠠᠬᠤ ᠡᠳ᠋ ᠢᠶᠠᠷ ᠠᠷᠢᠭᠤᠳᠬᠠᠬᠤ ᠬᠡᠷᠡᠭᠲᠡᠶ︔ ᠪᠡᠯᠡᠨ ᠵᠣᠭᠤᠰ ᠤᠨ ᠬᠡᠷᠡᠭᠯᠡᠯᠲᠡ ᠶᠢ ᠪᠠᠭᠠᠰᠬᠠᠵᠤ᠂ ᠠᠯᠢ ᠴᠢᠳᠠᠬᠤ ᠪᠠᠷ ᠡᠯᠧᠺᠳ᠋ᠷᠣᠨ ᠢᠶᠠᠷ ᠲᠣᠭᠠᠴᠠᠭ᠎ᠠ ᠬᠢᠨ᠎ᠡ᠃     ᠲᠠᠪᠤ᠂ ᠭᠤᠣᠯᠳᠠᠯᠭ᠎ᠠ ᠲᠠᠢ ᠡᠳ ᠪᠣᠳᠠᠰ ᠤᠨ ᠰᠡᠷᠭᠡᠶᠢᠯᠡᠯᠲᠡ ᠶᠢ ᠰᠠᠶᠢᠲᠤᠷ ᠬᠢᠬᠦ ᠬᠡᠷᠡᠭᠲᠡᠶ᠃ ᠵᠢᠩᠬᠢᠨᠢ ᠬᠡᠲᠦ ᠳᠡᠯᠭᠡᠭᠦᠷ ᠪᠤᠶᠤ ᠵᠠᠬ᠎ᠠ ᠳᠡᠯᠭᠡᠭᠦᠷ ᠠᠴᠠ ᠪᠠᠶᠠᠷ ᠤᠨ ᠡᠳᠦᠷ ᠤᠨ ᠲᠠᠸᠠᠷ ᠢ ᠰᠣᠩᠭᠤᠨ ᠬᠤᠳᠠᠯᠳᠤᠨ ᠠᠪᠴᠤ᠂ ᠸᠢᠷᠦ᠋ᠰ ᠢ ᠪᠣᠳᠠᠰ ᠢᠶᠠᠷ ᠳᠠᠮᠵᠢᠭᠤᠯᠤᠨ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠨᠡᠶᠢᠲᠡᠯᠡᠭᠰᠡᠨ ᠭᠠᠳᠠᠭᠠᠳᠤ ᠠᠴᠠ ᠣᠷᠣᠭᠤᠯᠬᠤ ᠲᠡᠯᠡᠶ ᠶᠢᠨ ᠦᠢᠯᠡᠳᠬᠦᠨ᠂ ᠬᠦᠢᠳᠡᠨ ᠬᠡᠯᠬᠢᠶᠡᠲᠦ ᠢᠳᠡᠭᠡᠨ ᠵᠡᠷᠭᠡ ᠢᠳᠡᠭᠡᠨ ᠤ ᠠᠮᠤᠷ ᠲᠦᠪᠰᠢᠨ ᠤ ᠮᠡᠳᠡᠭᠡ ᠵᠠᠩᠭᠢ ᠶᠢ ᠠᠩᠬᠠᠷᠴᠤ᠂ ᠡᠯᠧᠺᠲᠷᠣᠨ ᠬᠤᠳᠠᠯᠳᠤᠭ᠎ᠠ᠂ ᠪᠢᠴᠢᠯ ᠬᠤᠳᠠᠯᠳᠤᠭ᠎ᠠ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠰᠢᠨ᠎ᠡ ᠰᠣᠷᠭᠤᠭ ᠬᠥᠯᠳᠡᠭᠡᠭᠰᠡᠨ ᠦᠢᠯᠡᠳᠬᠦᠨ ᠪᠠ ᠬᠡᠭᠡᠷ᠎ᠡ ᠶᠢᠨ ᠠᠮᠢᠲᠠᠨ ᠢ ᠬᠤᠳᠠᠯᠳᠤᠨ ᠠᠪᠬᠤ ᠥᠬᠡᠶ ᠪᠠᠶᠢᠬᠤ ᠬᠡᠷᠡᠭᠲᠡᠶ︔ ᠡᠯ᠎ᠡ ᠵᠦᠢᠯ ᠤᠨ ᠮᠢᠬᠠᠨ ᠤ ᠲᠥᠷᠥᠯ ᠪᠠ ᠥᠨᠳᠡᠭᠡ ᠶᠢ ᠬᠢᠬᠦ ᠳᠤ ᠴᠢᠨᠠᠵᠤ ᠪᠤᠯᠭᠤᠬᠤ ᠶᠢ ᠪᠠᠲᠤᠯᠠᠵᠤ᠂ ᠲᠦᠭᠦᠬᠡᠶ ᠢᠳᠡᠭᠡᠨ ᠪᠠ ᠪᠤᠯᠭᠤᠭᠰᠠᠨ ᠢᠳᠡᠭᠡᠨ ᠬᠡᠷᠴᠢᠬᠦ ᠬᠠᠪᠲᠠᠰᠤ ᠵᠢᠴᠢ ᠬᠢᠲᠤᠭ᠎ᠠ ᠪᠠᠭᠠᠵᠢ ᠶᠢ ᠰᠠᠯᠭᠠᠬᠤ ᠬᠡᠷᠡᠭᠲᠡᠶ︔ ᠲᠦᠷᠭᠡᠨ ᠬᠦᠷᠭᠡᠯᠲᠡ ᠶᠢ ᠬᠦᠯᠢᠶᠡᠵᠦ ᠠᠪᠬᠤ ᠠᠴᠠ ᠡᠮᠦᠨ᠎ᠡ ᠭᠠᠳᠠᠷ ᠪᠠᠭᠯᠠᠭ᠎ᠠ ᠶᠢ ᠨᠢ ᠠᠷᠢᠭᠤᠳᠬᠠᠬᠤ ᠬᠡᠷᠡᠭᠲᠡᠶ᠂ ᠲᠦᠷᠭᠡᠨ ᠬᠦᠷᠭᠡᠯᠲᠡ ᠶᠢᠨ ᠭᠠᠳᠠᠷ ᠪᠠᠭᠯᠠᠭ᠎ᠠ ᠶᠢ ᠠᠯᠢ ᠴᠢᠳᠠᠬᠤ ᠪᠠᠷ ᠥᠷᠥᠭᠡᠨ ᠳᠡᠭᠡᠨ ᠠᠪᠴᠤ ᠣᠷᠣᠵᠤ ᠪᠣᠯᠬᠤ ᠥᠬᠡᠶ᠃     ᠬᠤᠲᠠ ᠶᠢᠨ ᠠᠷᠠᠳ ᠨᠠᠶᠢᠵᠠ ᠨᠠᠷ ᠡ᠂ ᠮᠠᠨ ᠤ ᠠᠷᠠᠳ ᠢᠷᠭᠡᠨ ᠨᠢᠭᠡᠪᠦᠷᠢ ᠪᠣᠯ ᠬᠠᠮᠠᠭᠠᠯᠠᠭᠳᠠᠭᠴᠢ ᠪᠣᠯᠬᠤ ᠪᠠᠷ ᠪᠠᠷᠠᠬᠤ ᠥᠬᠡᠶ ᠪᠠᠰᠠ ᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠯᠬᠢᠶ᠎ᠡ ᠶᠢᠨ ᠣᠷᠣᠯᠴᠠᠭᠴᠢ᠂ ᠠᠵᠢᠯᠯᠠᠭᠴᠢ ᠮᠥᠨ᠃ ᠪᠢᠳᠡ ᠢᠳᠡᠪᠬᠢᠲᠡᠶ ᠬᠥᠳᠡᠯᠦᠯᠴᠡᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠥᠪᠡᠷ ᠤᠨ ᠲᠥᠯᠥᠭᠡ᠂ ᠭᠡᠷ ᠤᠨ ᠬᠥᠮᠦᠨ᠂ ᠪᠤᠰᠤᠳ ᠤᠨ ᠲᠥᠯᠥᠭᠡ︕ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠭᠠᠷ ᠬᠤᠯᠪᠣᠯᠴᠠᠨ ᠬᠢᠵᠢᠭ ᠲᠠᠢ ᠲᠡᠮᠡᠴᠡᠪᠡ︕
 
         ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ
   
       ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠭᠡᠷ
 
             2020 ᠣᠨ ᠤ 12 ᠳ᠋ᠤᠭᠠᠷ ᠰᠠᠷ᠎ᠠ ᠶᠢᠨ 30 ᠤ ᠡᠳᠦᠷ
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号