ᠳ᠋ᠠ ᠾᠧ ᠸᠠᠨ ᠪᠠᠯᠭᠠᠰᠤ ᠰᠢᠨ᠎ᠡ ᠵᠢᠯ ᠤᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/31
    ︽ᠰᠢᠨ᠎ᠡ ᠵᠢᠯ︾ ᠤᠨ ᠬᠤᠭᠤᠴᠠᠭᠠᠨ ᠳᠤ ᠡᠯ᠎ᠡ ᠵᠦᠢᠯ ᠤᠨ ᠠᠵᠢᠯ ᠢ ᠪᠦᠲᠦᠮᠵᠢᠲᠡᠶ ᠡᠮᠬᠢ ᠵᠢᠷᠤᠮ ᠲᠠᠢ ᠥᠷᠨᠢᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ 12 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠳ᠋ᠠ ᠾᠧ ᠸᠠᠨ ᠪᠠᠯᠭᠠᠰᠤ ᠰᠢᠨ᠎ᠡ ᠵᠢᠯ ᠤᠨ ᠬᠤᠭᠤᠴᠠᠭᠠᠨ ᠳᠠᠬᠢ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠥᠷᠲᠡᠭᠡ ᠭᠠᠵᠠᠷ ᠤᠨ ᠠᠯᠪᠠᠨ ᠬᠡᠷ ᠤᠨ ᠬᠠᠷᠢᠭᠤᠴᠠᠯᠭᠠᠲᠠᠨ᠂ ᠡᠯ᠎ᠡ ᠲᠣᠰᠬᠤᠨ ︵ᠰᠠᠭᠤᠭᠠᠯᠢ ᠠᠷᠠᠳ︶ ᠤ ᠱᠦᠵᠢ᠂ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠂ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦ ᠬᠤᠩ ᠪᠢᠨ ᠡᠷᠭᠢᠯᠡᠪᠡ᠃     ᠬᠤᠷᠠᠯ ᠳᠡᠭᠡᠷ᠎ᠡ᠂ ᠱᠦᠵᠢ ᠯᠢᠦ ᠬᠤᠩ ᠪᠢᠨ ᠣᠳᠣᠬᠠᠨ ᠤ ᠡᠯ᠎ᠡ ᠵᠦᠢᠯ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠥᠭᠡᠳ ᠴᠢᠬᠤᠯᠠᠴᠢᠯᠠᠭᠰᠠᠨ ᠨᠢ᠄ ᠨᠢᠭᠡ ᠳᠤ ᠡᠯ᠎ᠡ ᠲᠣᠰᠬᠤᠨ ︵ᠰᠠᠭᠤᠭᠠᠯᠢ ᠠᠷᠠᠳ ᠤᠨ ᠲᠣᠭᠤᠷᠢᠭ︶ ᠰᠢᠨ᠎ᠡ ᠵᠢᠯ ᠤᠨ ᠰᠢᠨ᠎ᠡ ᠶᠢᠨ ᠨᠢᠭᠡᠨ ᠤ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ ᠬᠡᠷᠡᠭᠲᠡᠶ︔ ᠬᠤᠶᠠᠷ ᠲᠤ ᠡᠯ᠎ᠡ ᠲᠣᠰᠬᠤᠨ ᠰᠠᠭᠤᠭᠠᠯᠢ ᠠᠷᠠᠳ ᠤᠨ ᠭᠠᠯ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠵᠢᠵᠢᠭᠦᠷᠯᠡᠨ ᠬᠤᠨᠣᠭᠯᠠᠬᠤ ᠪᠠᠨ ᠴᠢᠩᠭᠠᠳᠬᠠᠨ᠂ ᠠᠶᠢᠯ ᠲᠣᠰᠬᠤᠨ ᠤ ᠭᠡᠷ ᠪᠠᠶᠢᠰᠢᠩ ᠤᠨ ᠬᠠᠭᠤᠴᠢᠷᠬᠠᠰᠠᠨ ᠵᠠᠮ ᠱᠤᠭᠤᠮ ᠪᠣᠯᠤᠨ ᠡᠪᠡᠰᠦ ᠲᠦᠯᠡᠭᠡ ᠶᠢᠨ ︽ᠬᠤᠶᠠᠷ ᠢ ᠵᠢᠭᠰᠠᠭᠠᠨ ᠪᠠᠶᠢᠴᠠᠭᠠᠬᠤ︾ ᠠᠵᠢᠯ ᠢ ᠥᠷᠨᠢᠭᠦᠯᠵᠦ᠂ ᠭᠠᠯ ᠤᠨ ᠠᠶᠤᠯ ᠤᠨ ᠳᠠᠯᠳᠠ ᠭᠡᠮ ᠭᠠᠷᠬᠤ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ︔ ᠭᠤᠷᠪᠠ ᠳᠤ ᠲᠠᠷᠢᠶᠠᠯᠠᠩ ᠤᠨ ᠦᠢᠯᠡᠳᠪᠦᠷᠢᠯᠡᠯ ᠤᠨ ᠲᠠᠯ᠎ᠠ ᠪᠠᠷ ᠢᠳᠡᠰᠢᠨ ᠨᠣᠭᠤᠭ᠎ᠠ ᠶᠢᠨ ᠬᠦᠯᠡᠮᠵᠢ ᠶᠢᠨ ᠬᠦᠢᠲᠡᠨ ᠢ ᠰᠡᠷᠭᠡᠶᠢᠯᠡᠬᠦ ᠠᠵᠢᠯ ᠪᠣᠯᠤᠨ ᠮᠠᠯ ᠤᠨ ᠲᠡᠵᠢᠭᠡᠯ ᠪᠣᠷᠳᠤᠭ᠎ᠠ ᠨᠥᠭᠡᠴᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠶ︔ ᠳᠥᠷᠪᠡ ᠳᠤ᠂ ᠪᠠᠯᠭᠠᠰᠤ ᠲᠣᠰᠬᠤᠨ ᠬᠤᠶᠠᠷ ᠱᠠᠲᠤᠨ ᠤ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠮᠢᠶ᠎ᠠ ᠪᠥᠬᠦᠶ ᠳᠣᠲᠣᠭᠠᠳᠤ ᠬᠠᠭᠤᠳᠠᠰᠤᠨ ᠤ ᠲᠠᠩᠰᠠ ᠡᠪᠬᠡᠮᠡᠯ ᠢ ᠲᠠᠩᠰᠠ ᠡᠪᠬᠡᠮᠡᠯ ᠳᠤ ᠣᠷᠣᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ︔ ᠲᠠᠪᠤ ᠳᠤ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠰᠠᠶᠢᠲᠤᠷ ᠬᠢᠵᠦ᠂ ᠳᠠᠷᠠᠭ᠎ᠠ ᠠᠯᠬᠤᠮ ᠤᠨ ᠠᠵᠢᠯ ᠢᠶᠠᠨ ᠴᠠᠭ ᠲᠤᠬᠠᠶ ᠳᠤᠨᠢ ᠲᠣᠬᠢᠷᠠᠭᠤᠯᠤᠨ ᠪᠠᠶᠢᠷᠢᠯᠠᠭᠤᠯᠵᠤ᠂ ᠬᠤᠭᠤᠴᠠᠭ᠎ᠠ ᠰᠣᠯᠢᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号