ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠬᠠᠤᠯᠢ ᠶᠢ ᠰᠤᠷᠤᠯᠴᠠᠨ | ᠤᠬᠠᠭᠤᠯᠬᠤ ᠪᠠ ᠲᠤᠤᠱᠯᠠᠭᠤᠯᠤᠨ ᠬᠡᠷᠡᠭᠵᠢᠭᠦᠯᠬᠦ ᠶᠢ ᠦᠨᠡᠨᠬᠦ ᠰᠠᠶᠢᠲᠤᠷ ᠠᠳᠬᠤᠵᠤ᠂ ᠥᠷᠭᠡᠨ ᠣᠯᠠᠨ ᠺᠠᠳ᠋ᠷ ᠣᠯᠠᠨ | ᠲᠦᠮᠡᠨ ᠤ ᠦᠨᠳᠦᠰᠦᠨ ᠬᠠᠤᠯᠢ ᠦᠵᠡᠯ ᠤᠬᠠᠮᠰᠠᠷ ᠢ ᠳᠡᠭᠡᠭᠰᠢᠯᠡᠬᠦᠯᠬᠦ ᠶᠢᠨ ᠲᠥᠯᠥᠭᠡ᠂ 12 ᠰᠠᠷ᠎ᠠ ᠶᠢᠨ 2 ᠤᠨ | ᠡᠳᠦᠷ᠂ ᠵᠧᠩ ᠶᠠᠩ ᠵᠡᠭᠡᠯᠢ ᠭᠤᠳᠤᠮᠵᠢ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠬᠡᠯᠪᠡᠷᠢ ᠨᠢ ᠤᠯᠠᠨ | ᠶᠠᠩᠵᠤ ᠶᠢᠨ᠂ ᠭᠤᠤᠯ ᠰᠡᠳᠦᠪ ᠨᠢ ᠢᠯᠡ ᠲᠣᠳᠣ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ | ᠣᠨᠴᠠᠯᠢᠭ ᠪᠦᠬᠦᠢ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠨ ᠬᠠᠤᠯᠢ ᠶᠢᠨ ᠵᠣᠷᠢᠭ | ᠰᠠᠨᠠᠭ᠎ᠠ ᠶᠢ ᠬᠥᠮᠦᠰ ᠤᠨ ᠰᠡᠳᠬᠢᠯ ᠳᠤ ᠦᠨᠡᠨ ᠬᠦ ᠬᠠᠳᠠᠩᠰᠢᠭᠤᠯᠬᠤ ᠶᠢ ᠠᠬᠢᠭᠤᠯᠪᠠ᠃ | ᠨᠢᠭᠡ ᠳᠤ᠂ ᠥᠷᠢᠰᠥᠯᠳᠦᠭᠡᠨ ᠢᠶᠠᠷ ᠰᠤᠷᠤᠯᠴᠠᠯᠭ᠎ᠠ ᠶᠢ ᠠᠬᠢᠭᠤᠯᠵᠤ᠂ ᠬᠠᠤᠯᠢ ᠲᠦᠭᠡᠮᠡᠯᠵᠢᠭᠦᠯᠦᠯᠲᠡ ᠶᠢ | ᠬᠡᠮᠵᠢᠬᠦ ᠬᠡᠷᠡᠭᠲᠡᠶ᠃ ᠵᠡᠭᠡᠯᠢ ᠭᠤᠳᠤᠮᠵᠢ ᠶᠢᠨ ᠪᠦᠬᠦ ᠺᠠᠳ᠋ᠷ ᠠᠵᠢᠯᠲᠠᠳ ᠢ ᠵᠣᠬᠢᠶᠠᠨ ᠪᠠᠶᠢᠭᠤᠯᠵᠤ ᠲᠤᠰᠬᠠᠢ ᠰᠡᠳᠦᠪᠲᠦ | ᠬᠤᠷᠠᠯ ᠬᠤᠷᠠᠯᠳᠤᠭᠤᠯᠵᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢ᠊ ᠡᠶ᠎ᠡ ᠶᠢᠨ ᠳᠡᠳ᠋ ᠱᠦᠵᠢ ᠯᠢᠦ | ᠹᠸᠡᠩ ᠬᠤᠩ ᠬᠤᠷᠠᠯ ᠳᠤ ᠣᠷᠣᠯᠴᠠᠭᠰᠠᠳ ᠲᠤ ︽ᠵᠧᠩ ᠶᠠᠩ ᠵᠡᠭᠡᠯᠢ ᠭᠤᠳᠤᠮᠵᠢ ᠶᠢᠨ ︿ᠦᠨᠳᠦᠰᠦᠨ ᠬᠠᠤᠯᠢ ᠶᠢᠨ | ᠤᠬᠠᠭᠤᠯᠭ᠎ᠠ ᠶᠢᠨ ᠭᠠᠷᠠᠭ﹀ ᠤᠨ ᠰᠢᠷᠢᠰ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠤᠯᠠᠮᠵᠢᠯᠠᠪᠠ᠃ ᠪᠥᠬᠦ | ᠯᠠᠪᠯᠠᠯᠲᠠ ᠶᠢᠨ ᠠᠵᠢᠯᠲᠠᠨ ᠰᠢᠯᠭᠠᠯᠲᠠ ᠶᠢᠨ ᠲᠠᠯᠠᠪᠤᠷ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠰᠡᠳᠦᠪ ᠢ | ᠬᠢᠨᠠᠮᠠᠭᠠᠶ ᠬᠢᠨᠠᠵᠤ᠂ ᠰᠡᠳᠦᠪ ᠢ ᠨᠠᠷᠢᠨ ᠨᠢᠮᠪᠠᠶ ᠬᠠᠷᠢᠭᠤᠯᠪᠠ᠃ ᠲᠣᠰ ᠤᠳᠠᠭᠠᠨ ᠤ ᠰᠢᠯᠭᠠᠯᠲᠠ ᠳᠤ ᠠᠵᠢᠯᠲᠠᠨ | ᠠᠵᠢᠯᠴᠢᠨ ᠤ ᠬᠤᠯᠪᠣᠭᠳᠠᠯ ᠪᠥᠬᠦᠶ ᠬᠠᠤᠯᠢ ᠴᠠᠭᠠᠵᠠ ᠶᠢᠨ ᠮᠡᠳᠡᠯᠭᠡ ᠶᠢ ᠰᠤᠷᠤᠯᠴᠠᠨ ᠣᠶᠢᠯᠠᠭᠠᠬᠤ ᠪᠠ ᠡᠵᠡᠮᠰᠢᠵᠦ | ᠪᠠᠶᠢᠭ᠎ᠠ ᠪᠠᠶᠢᠳᠠᠯ ᠢ ᠭᠤᠤᠯᠳᠠᠯᠭ᠎ᠠ ᠲᠠᠢ ᠰᠢᠯᠭᠠᠨ ᠪᠠᠶᠢᠴᠠᠭᠠᠪᠠ᠃ | ᠬᠤᠶᠠᠷ ᠲᠤ ᠲᠠᠩᠭᠠᠷᠢᠭ ᠨᠢ ᠢᠳᠡᠷᠡᠭᠦᠨ᠂ ᠦᠨᠡᠨᠴᠢ ᠰᠢᠳᠤᠷᠭᠤ᠃ ᠵᠡᠭᠡᠯᠢ ᠭᠤᠳᠤᠮᠵᠢ ᠶᠢᠨ ᠪᠦᠬᠦ ᠺᠠᠳ᠋ᠷ | ᠠᠵᠢᠯᠲᠠᠨ 40 ᠭᠠᠷᠤᠶ ᠬᠥᠮᠦᠨ᠂ ᠦᠨᠳᠦᠰᠦᠨ ᠬᠠᠤᠯᠢ ᠶᠢ ᠲᠣᠬᠤᠨᠢᠭᠤᠯᠵᠤ᠂ ᠤᠯᠤᠰ ᠤᠨ ᠰᠦᠯᠳᠡ ᠳᠠᠭᠤᠤ ᠶᠢ | ᠬᠠᠮᠲᠤ ᠪᠠᠷ ᠳᠠᠭᠤᠯᠠᠵᠤ᠂ ᠦᠨᠳᠦᠰᠦᠨ ᠬᠠᠤᠯᠢ ᠳᠤ ᠲᠠᠩᠭᠠᠷᠢᠭᠯᠠᠵᠤ᠂ ᠪᠦᠬᠦ ᠲᠠᠩᠭᠠᠷᠢᠭᠯᠠᠬᠤ ᠶᠠᠪᠤᠴᠠ ᠲᠥᠪ | ᠴᠢᠩᠭ᠎ᠠ ᠪᠠᠶᠢᠪᠠ᠃ ᠡᠷᠡᠰ ᠪᠠᠲᠤ ᠲᠠᠩᠭᠠᠷᠢᠭ ᠪᠣᠯ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ | ᠲᠤᠩᠬᠠᠭ ᠮᠥᠨ᠂ ᠨᠡᠩ ᠴᠤ ᠦᠨᠳᠦᠰᠦᠨ ᠬᠠᠤᠯᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠮᠠᠯᠠᠯᠲᠠ | ᠮᠥᠨ᠃ | ᠭᠤᠷᠪᠠ ᠳᠤ ᠵᠡᠭᠡᠯᠢ ᠭᠤᠳᠤᠮᠵᠢ ᠪᠠᠷ ᠶᠠᠪᠤᠵᠤ᠂ ᠬᠠᠤᠯᠢ ᠶᠢ ᠶᠡᠭᠡ ᠪᠠᠷ ᠵᠠᠷᠯᠠᠪᠠ᠃ ᠬᠤᠷᠠᠯ ᠤᠨ ᠳᠠᠷᠠᠭ᠎ᠠ᠂ | ᠡᠯ᠎ᠡ ᠨᠡᠶᠢᠭᠡᠮ ᠲᠣᠭᠤᠷᠢᠭ ᠤᠨ ᠬᠤᠶᠠᠷ ᠵᠥᠪᠯᠡᠯ ᠤᠨ ᠺᠠᠳ᠋ᠷᠴᠤᠳ ᠲᠠᠯᠠᠪᠠᠶ᠂ ᠲᠣᠭᠤᠷᠢᠭ ᠤᠨ ᠠᠰᠠᠷ ᠤᠨ ᠬᠦᠷᠢᠶᠡᠯᠡᠩ | ᠵᠡᠷᠭᠡ ᠬᠥᠮᠦᠰ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠬᠠᠭᠤᠳᠠᠰᠤ᠂ ᠰᠢᠨ᠎ᠡ ᠲᠢᠲᠢᠮ ᠤᠨ ᠠᠭᠤᠰᠬᠢᠨ ᠤ | ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠤᠬᠠᠭᠤᠯᠭ᠎ᠠ ᠶᠢᠨ ᠬᠠᠭᠤᠳᠠᠰᠤ ᠶᠢ 300 ᠭᠠᠷᠤᠶ ᠬᠤᠪᠢ | ᠲᠠᠷᠬᠠᠭᠠᠵᠤ᠂ ᠣᠯᠠᠨ ᠲᠦᠮᠡᠨ ᠳᠤ ᠬᠠᠤᠯᠢ ᠴᠠᠭᠠᠵᠠ ᠶᠢᠨ ᠮᠡᠳᠡᠯᠭᠡ ᠪᠣᠯᠤᠨ ᠰᠢᠨ᠎ᠡ ᠲᠢᠲᠢᠮ ᠤᠨ ᠠᠭᠤᠰᠬᠢᠨ ᠤ | ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢ ᠲᠦᠭᠡᠮᠡᠯᠵᠢᠭᠦᠯᠵᠡᠶ᠃ ᠠᠵᠢᠯᠯᠠᠭ᠎ᠠ ᠶᠢᠨ | ᠲᠤᠬᠠᠶ ᠶᠢᠨ ᠲᠠᠯᠠᠪᠠᠢ ᠳᠤ ᠣᠯᠠᠨ ᠲᠦᠮᠡᠨ ᠤ ᠵᠥᠪᠯᠡᠯᠭᠡ ᠥᠭᠬᠦ ᠠᠵᠢᠯ ᠢ 100 ᠭᠠᠷᠤᠶ ᠬᠥᠮᠦᠨ ᠤᠳᠠᠭ᠎ᠠ | ᠬᠠᠷᠢᠭᠤᠯᠵᠤ᠂ 4 ᠵᠤᠷᠪᠤᠰ ᠡᠯᠭᠦᠵᠦ᠂ ᠣᠯᠠᠨ ᠲᠦᠮᠡᠨ ᠤ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠡᠷᠢᠬᠦ᠂ | ᠠᠰᠠᠭᠤᠳᠠᠯ ᠢ ᠰᠢᠢᠳᠪᠦᠷᠢᠯᠡᠬᠦ ᠳᠤ ᠬᠠᠣᠯᠢ ᠶᠢ ᠳᠦᠰᠢᠭᠯᠡᠵᠦ᠂ ᠬᠠᠤᠯᠢ ᠴᠠᠭᠠᠵᠠ ᠶᠢᠨ ᠵᠡᠪᠰᠡᠭ ᠢ ᠬᠡᠷᠡᠭᠯᠡᠨ | ᠥᠪᠡᠷ ᠤᠨ ᠬᠠᠤᠯᠢ ᠶᠣᠰᠣᠨ ᠤ ᠡᠷᠬᠡ ᠪᠠᠨ ᠬᠠᠮᠠᠭᠠᠯᠠᠨ᠎ᠠ᠃ | ᠲᠦᠷᠪᠡ ᠳᠤ ᠣᠷᠭᠠᠨᠢᠭ ᠢᠶᠠᠷ ᠤᠶᠠᠯᠳᠤᠭᠤᠯᠵᠤ᠂ ᠬᠠᠤᠯᠢ ᠶᠢ ᠥᠷᠭᠡᠨ ᠢᠶᠠᠷ ᠲᠦᠭᠡᠮᠡᠯᠵᠢᠭᠦᠯᠦᠨ᠎ᠡ᠃ ᠵᠡᠭᠡᠯᠢ | ᠭᠤᠳᠤᠮᠵᠢ ᠨᠢ ᠦᠨᠳᠦᠰᠦᠨ ᠬᠠᠤᠯᠢ ᠤᠬᠠᠭᠤᠯᠭ᠎ᠠ ᠶᠢᠨ ᠠᠭᠤᠯᠭ᠎ᠠ ᠶᠢ ᠡᠯ᠎ᠡ ᠨᠡᠶᠢᠭᠡᠮ ᠲᠣᠭᠤᠷᠢᠭ ᠤᠨ 12 | ᠰᠠᠷ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢᠨ ᠠᠭᠤᠯᠭ᠎ᠠ ᠳᠤ ᠣᠷᠣᠭᠤᠯᠵᠤ᠂ ᠥᠷᠭᠡᠨ | ᠣᠯᠠᠨ ᠨᠠᠮ ᠤᠨ ᠭᠡᠰᠢᠭᠦᠨ ᠣᠯᠠᠨ ᠲᠦᠮᠡᠨ ᠤ ᠦᠨᠳᠦᠰᠦᠨ ᠬᠠᠤᠯᠢ ᠦᠵᠡᠯ ᠤᠬᠠᠮᠰᠠᠷ ᠪᠠ ᠬᠠᠤᠯᠢ ᠪᠠᠷ ᠵᠠᠰᠠᠬᠤ | ᠦᠵᠡᠯᠲᠡ ᠶᠢ ᠳᠡᠭᠡᠭᠰᠢᠯᠡᠭᠦᠯᠵᠦ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠲᠦᠭ ᠲᠦᠮᠡᠨ ᠠᠶᠢᠯ ᠡᠷᠦᠬᠡ ᠳᠤ | ᠣᠷᠣᠭᠤᠯᠬᠤ ᠶᠢ ᠠᠬᠢᠭᠤᠯᠵᠤ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠵᠠᠢ᠃ | ᠵᠧᠩ ᠶᠠᠩ ᠵᠡᠭᠡᠯᠢ ᠭᠤᠳᠤᠮᠵᠢ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠦᠨᠳᠦᠰᠦᠨ ᠬᠠᠤᠯᠢ ᠶᠢ | ᠰᠤᠷᠤᠯᠴᠠᠬᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠦᠨᠳᠦᠰᠦᠨ ᠬᠠᠤᠯᠢ ᠶᠢᠨ ᠡᠷᠬᠡ | ᠰᠦᠷ ᠢ ᠬᠠᠮᠠᠭᠠᠯᠠᠬᠤ ᠵᠡᠷᠭᠡ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯ ᠢ ᠬᠦᠴᠦᠯᠡᠨ ᠠᠬᠢᠭᠤᠯᠵᠤ᠂ | ᠬᠠᠷᠢᠶᠠᠲᠤ ᠣᠷᠣᠨ ᠤ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠪᠦᠲᠦᠮᠵᠢᠲᠡᠶ ᠬᠠᠮᠠᠭᠠᠯᠠᠵᠤ᠂ ᠰᠠᠶᠢᠨ ᠰᠠᠶᠢᠬᠠᠨ | ᠰᠤᠷᠤᠯᠴᠠᠬᠤ ᠠᠭᠤᠷ ᠠᠮᠢᠰᠬᠤᠯ ᠢ ᠪᠣᠶ ᠪᠣᠯᠭᠠᠪᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶ |