ᠵᠦᠩ ᠾᠧ ᠪᠠᠯᠭᠠᠰᠤ᠄ ᠬᠥᠳᠡᠭᠡ ᠲᠣᠰᠬᠤᠨ ᠤ ᠰᠢᠨ᠎ᠡ ᠪᠠᠶᠢᠳᠠᠯ ᠢ ᠦᠵᠡᠭᠦᠯᠵᠦ ᠡᠷᠡᠬᠦᠯ ᠬᠠᠮᠠᠭᠠᠯᠠᠯ ᠢ ᠡᠷᠬᠢᠮᠯᠡᠬᠦ ᠪᠣᠯᠪᠠᠰᠤᠨ ᠢᠯᠡᠷᠬᠡᠶ ᠦᠷ᠎ᠡ ᠪᠦᠲᠦᠮᠵᠢ ᠢ ᠣᠯᠵᠠᠢ
ᠨᠡᠶᠢᠲᠡᠯᠡᠭᠰᠡᠨ ᠴᠠᠭ᠄
2020/12/4
    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠥᠳᠡᠭᠡ ᠲᠣᠰᠬᠤᠨ ᠢ ᠵᠠᠰᠠᠬᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠳᠦᠯᠦᠭᠡ᠂ ᠵᠦᠩ ᠾᠧ ᠪᠠᠯᠭᠠᠰᠤ ᠡᠷᠡᠭᠦᠯ ᠬᠠᠮᠠᠭᠠᠯᠠᠯ ᠢ ᠡᠷᠬᠢᠮᠯᠡᠬᠦ ᠬᠥᠳᠡᠯᠭᠡᠭᠡᠨ ᠢᠶᠠᠷ ᠭᠠᠷᠳᠠᠴᠠ ᠪᠣᠯᠭᠠᠵᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠵᠤ᠂ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠢ ᠪᠣᠯᠪᠠᠰᠤᠨ ᠢ ᠡᠭᠦᠳᠦᠨ ᠪᠠᠶᠢᠭᠤᠯᠬᠤ ᠳᠤ ︽ᠲᠦᠷᠭᠡᠨ ᠤᠷᠤᠭᠰᠢᠯᠠᠬᠤ ᠳᠠᠷᠤᠪᠴᠢ︾ ᠶᠢ ᠳᠠᠷᠤᠬᠤ ᠶᠢ ᠠᠬᠢᠭᠤᠯᠪᠠ᠃     ᠨᠢᠭᠡ ᠳᠤ᠂ ᠰᠠᠭᠤᠷᠢ ᠴᠡᠭ ᠢ ᠪᠠᠬᠢᠵᠢᠭᠦᠯᠦᠨ᠎ᠡ᠃ ᠵᠥᠩ ᠾᠧ ᠪᠠᠯᠭᠠᠰᠤᠨ ᠤ 22 ᠲᠣᠰᠬᠤᠨ ︵ᠨᠡᠶᠢᠭᠡᠮ ᠲᠣᠭᠤᠷᠢᠭ︶ ᠨᠢ ᠨᠠᠮ ᠤᠨ ᠡᠭᠦᠷ ᠢᠶᠠᠷ ᠭᠤᠣᠯ ᠪᠣᠯᠭᠠᠵᠤ᠂ ᠣᠯᠠᠨ ᠳᠡᠰ ᠤᠨ ᠲᠣᠤᠷᠯᠢᠭ ᠰᠢᠰᠲ᠋ᠧᠮ ᠢ ᠬᠤᠪᠢᠶᠠᠷᠢᠯᠠᠵᠤ᠂ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠡᠶ᠃ ︽ᠨᠠᠮ ᠤᠨ ᠪᠠᠶᠢᠭᠤᠯᠤᠯᠲᠠ + ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ︾ ᠰᠢᠨ᠎ᠡ ᠵᠠᠮ ᠢ ᠢᠳᠡᠪᠬᠢᠲᠡᠢ ᠦᠢᠯᠡᠳᠦᠯᠭᠡᠵᠢᠭᠦᠯᠵᠦ᠂ ︽ᠴᠡᠭ ᠢ ᠠᠳᠬᠤᠬᠤ᠂ ᠱᠤᠭᠤᠮ ᠳᠠᠭᠠᠭᠤᠯᠬᠤ᠂ ᠬᠡᠪᠴᠢᠶ᠎ᠡ ᠶᠢ ᠥᠷᠭᠡᠳᠬᠡᠬᠦ︾ ᠠᠵᠢᠯ ᠤᠨ ᠰᠡᠳᠬᠢᠮᠵᠢ ᠶᠢ ᠠᠪᠴᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠨ᠎ᠠ᠃     ᠬᠤᠶᠠᠷ ᠲᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ︽ᠨᠠᠮ ᠤᠨ ᠭᠡᠰᠢᠭᠦᠨ + ᠰᠠᠶᠢᠨ ᠳᠤᠷ᠎ᠠ ᠶᠢᠨ ᠠᠵᠢᠯᠯᠠᠭᠴᠢ︾ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠢ ᠤᠯᠠᠮ ᠨᠢᠭᠡ ᠠᠯᠬᠤᠮ ᠳᠠᠶᠢᠴᠢᠯᠠᠵᠤ᠂ ᠣᠯᠠᠨ ᠲᠦᠮᠡᠨ ᠤ ᠪᠣᠳᠠᠲᠠᠶ ᠬᠦᠴᠢᠷ ᠪᠡᠷᠬᠡᠰᠢᠶᠡᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ︾᠂ ︽ᠲᠠᠷᠢᠶᠠᠨ ᠡᠮ ᠤᠨ ᠯᠣᠩᠬᠤᠨ ᠤ ᠬᠠᠶᠠᠭᠳᠠᠮᠠᠯ ᠪᠣᠳᠠᠰ ᠢ ᠴᠤᠭᠯᠠᠭᠤᠯᠬᠤ︾᠂ ︽ᠭᠤᠤᠯ ᠤᠨ ᠵᠠᠮ ᠢ ᠴᠡᠪᠡᠷᠯᠡᠬᠦ︾᠂ ︽ᠬᠡᠪ ᠵᠠᠩᠰᠢᠯ ᠢ ᠥᠭᠡᠷᠡᠴᠢᠯᠡᠬᠦ︾ ᠵᠡᠷᠭᠡ ᠭᠤᠤᠯᠳᠠᠯᠭ᠎ᠠ ᠲᠠᠢ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃     ᠭᠤᠷᠪᠠ ᠳᠤ᠂ ᠬᠢᠯᠠᠰ ᠴᠡᠭ ᠢ ᠨᠢᠭᠲᠠᠷᠠᠭᠤᠯᠤᠨ᠎ᠠ᠃ ᠵᠥᠩ ᠾᠧ ᠪᠠᠯᠭᠠᠰᠤᠨ ᠤ ︽ᠮᠢᠩᠭ᠎ᠠ ᠲᠦᠮᠡᠨ ᠡᠷᠦᠬᠡ ᠳᠤ ᠬᠦᠷᠴᠦ᠂ ᠲᠦᠮᠡᠨ ᠡᠷᠦᠬᠡ ᠳᠤ ᠬᠦᠷᠴᠦ︾ ᠲᠣᠭᠤᠷᠢᠨ ᠦᠵᠡᠵᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠲᠠᠢ ᠤᠶᠠᠯᠳᠤᠭᠤᠯᠤᠨ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠴᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠤᠬᠠᠭᠤᠯᠭ᠎ᠠ ᠶᠢ ᠥᠷᠭᠡᠨ ᠳᠡᠯᠭᠡᠷ ᠥᠷᠨᠢᠭᠦᠯᠵᠦ ᠂ ᠨᠠᠮ ᠤᠨ ᠭᠡᠰᠢᠭᠦᠨ ᠺᠠᠳ᠋ᠷ ᠢᠶᠠᠷ ᠰᠠᠭᠤᠷᠢ ᠴᠡᠭ ᠪᠣᠯᠭᠠᠵᠤ᠂ ᠬᠥᠨᠳᠡᠯᠡᠨ ᠢᠶᠠᠷ ᠲᠠᠷᠬᠠᠵᠤ᠂ ᠦᠵᠡᠯ ᠰᠠᠨᠠᠭᠠᠨ ᠤ ᠲᠠᠯ᠎ᠠ ᠪᠠᠷ ᠤᠯᠠᠨ ᠲᠦᠮᠡᠨ ᠢ ᠬᠥᠲᠥᠯᠥᠨ ᠵᠢᠯᠣᠭᠤᠳᠴᠤ ᠬᠦᠷᠢᠶᠡᠨ ᠤ ᠳᠣᠲᠣᠨ᠎ᠠ ᠭᠠᠳᠠᠨᠠᠬᠢ ᠪᠠᠨ ᠭᠤᠶᠣᠯᠠᠵᠤ᠂ ᠦᠵᠡᠰᠬᠦᠯᠡᠩᠲᠦ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ᠂ ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠵᠤ᠂ ︽ᠪᠦᠬᠦ ᠠᠷᠠᠳ ᠢᠶᠠᠷ ᠢᠶᠠᠨ ᠳᠠᠶᠢᠴᠢᠯᠠᠬᠤ᠂ ᠰᠠᠨᠠᠭᠠᠴᠢᠯᠠᠭ᠎ᠠ ᠠᠴᠠ ᠪᠠᠨ ᠣᠷᠣᠯᠴᠠᠬᠤ᠂ ᠴᠢᠷᠮᠠᠶᠢᠨ ᠡᠭᠦᠳᠦᠨ ᠪᠠᠶᠢᠭᠤᠯᠬᠤ︾ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号