ᠸᠧ ᠨᠢᠤ ᠾᠧ ᠪᠠᠯᠭᠠᠰᠤ᠄ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠲᠠ ᠶᠢ ᠬᠠᠯᠠᠮᠵᠢᠯᠠᠨ ᠬᠠᠶᠢᠷᠠᠯᠠᠵᠤ ᠬᠢᠴᠢᠶᠡᠯ ᠤᠨ ᠭᠠᠳᠠᠨᠠᠬᠢ ᠦᠢᠯᠡᠳᠦᠯᠬᠡ ᠶᠢᠨ ᠰᠠᠭᠤᠷᠢᠨ ᠭᠠᠵᠠᠷ ᠢ ᠴᠣᠭᠴᠠᠯᠠᠨ᠎ᠠ
ᠨᠡᠶᠢᠲᠡᠯᠡᠭᠰᠡᠨ ᠴᠠᠭ᠄
2020/12/4
    ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠴᠡ ᠶᠢᠨ ᠬᠥᠭᠵᠢᠯᠲᠡ ᠶᠢ ᠨᠡᠩ ᠰᠠᠶᠢᠲᠤᠷ ᠠᠬᠢᠭᠤᠯᠵᠤ᠂ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠬᠤ ᠶᠢᠨ ᠲᠥᠯᠥᠭᠡ ᠣᠶᠢᠷ᠎ᠠ ᠳᠤ᠂ ᠸᠧ ᠨᠢᠤ ᠾᠧ ᠪᠠᠯᠭᠠᠰᠤᠨ ᠤ ᠡᠪᠯᠡᠯ ᠤᠨ ᠬᠤᠷᠢᠶ᠎ᠠ ᠸᠧ ᠨᠢᠤ ᠾᠧ ᠪᠠᠯᠭᠠᠰᠤᠨ ᠤ ᠮᠢᠩ ᠳ᠋ᠧ ᠪᠠᠭ᠎ᠠ ᠰᠤᠷᠭᠠᠭᠤᠯᠢ ᠲᠠᠢ ᠬᠠᠮᠲᠤᠷᠠᠨ ︽ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠰᠢᠨ᠎ᠡ ᠴᠠᠭ ᠦᠶ᠎ᠡ ᠶᠢᠨ ᠰᠠᠶᠢᠨ ᠭᠡᠰᠢᠭᠦᠨ ᠪᠣᠯᠬᠤ ᠪᠠᠷ ᠴᠢᠷᠮᠠᠶᠢᠬᠤ︾ ᠨᠡᠶᠢᠭᠡᠮ ᠤᠨ ᠦᠢᠯᠡᠳᠦᠯᠬᠡ ᠶᠢᠨ ᠠᠵᠢᠯᠯᠠᠭ᠎ᠠ ᠥᠷᠨᠢᠭᠦᠯᠪᠡ᠃     ᠰᠤᠷᠤᠭᠴᠢᠳ ᠤᠨ ᠲᠥᠯᠥᠭᠡᠯᠡᠭᠴᠢ ᠸᠤ᠋ ᠨᠢᠤ ᠾᠧ ᠪᠠᠯᠭᠠᠰᠤᠨ ᠤ ᠰᠣᠶᠣᠯ ᠢᠶᠠᠷ ᠶᠠᠳᠠᠭᠤ ᠠᠴᠠ ᠠᠩᠭᠢᠵᠢᠷᠠᠭᠤᠯᠬᠤ ᠴᠠᠭᠠᠰᠤ ᠬᠠᠶᠢᠴᠢᠯᠠᠬᠤ ᠤᠷᠠᠯᠢᠭ ᠤᠨ ᠪᠣᠯᠪᠠᠰᠤᠷᠠᠯ ᠤᠨ ᠰᠠᠭᠤᠷᠢᠨ ᠪᠣᠯᠤᠨ ᠸᠤ᠋ ᠨᠢᠤ ᠾᠧ ᠪᠠᠯᠭᠠᠰᠤᠨ ᠤ ᠰᠣᠶᠣᠯ ᠢᠶᠠᠷ ᠶᠠᠳᠠᠭᠤ ᠠᠴᠠ ᠠᠩᠭᠢᠵᠢᠷᠠᠭᠤᠯᠬᠤ ᠤᠷᠠᠨ ᠵᠢᠷᠤᠭ ᠤᠨ ᠤᠷᠠᠯᠢᠭ ᠤᠨ ᠪᠣᠯᠪᠠᠰᠤᠷᠠᠯ ᠤᠨ ᠰᠠᠭᠤᠷᠢᠨ ᠭᠠᠵᠠᠷ ᠲᠤ ᠬᠦᠷᠴᠦ᠂ ᠴᠠᠭᠠᠰᠤᠨ ᠬᠠᠶᠢᠴᠢᠯᠠᠮᠠᠯ ᠪᠠ ᠨᠠᠷᠢᠯᠢᠭ ᠵᠢᠷᠤᠭ ᠵᠢᠴᠢ ᠤᠷᠠᠨ ᠪᠢᠴᠢᠯᠭᠡ ᠶᠢᠨ ᠪᠦᠲᠦᠭᠡᠯ ᠢ ᠲᠣᠭᠤᠷᠢᠨ ᠦᠵᠡᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠤᠳᠤᠮᠰᠢᠯ ᠤᠨ ᠪᠤᠰᠤ ᠵᠠᠯᠭᠠᠮᠵᠢᠯᠠᠭᠴᠢ ᠶᠧ ᠮᠧᠶ ᠪᠣᠯᠤᠨ ᠠᠷᠠᠳ ᠤᠨ ᠳᠤᠮᠳᠠᠬᠢ ᠤᠷᠠᠨ ᠪᠢᠴᠢᠯᠭᠡᠲᠡᠨ ᠸᠠᠩ ᠵᠢᠶᠠ ᠪᠢᠨ ᠬᠡᠤᠬᠡᠳ ᠤᠳ ᠲᠤ ᠲᠤᠬᠠᠶ ᠶᠢᠨ ᠲᠠᠯᠠᠪᠤᠷ ᠤᠨ ᠲᠠᠶᠢᠯᠤᠮᠵᠢ ᠪᠠ ᠬᠠᠷᠢᠯᠴᠠᠭ᠎ᠠ ᠬᠢᠵᠡᠶ᠃ ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠨ ᠬᠡᠤᠬᠡᠳ ᠢ ᠤᠯᠠᠮᠵᠢᠯᠠᠯᠲᠤ ᠰᠣᠶᠣᠯ ᠤᠨ ᠲᠤᠬᠠᠶ ᠨᠡᠩ ᠭᠦᠨᠵᠡᠭᠡᠶ ᠲᠠᠨᠢᠯᠲᠠ ᠲᠠᠢ ᠪᠣᠯᠭᠠᠵᠠᠶ᠃ ᠡᠭᠦᠨ ᠢᠶᠠᠷ ᠳᠠᠮᠵᠢᠭᠤᠯᠤᠨ ᠬᠡᠦᠬᠡᠳ ᠢ ᠬᠥᠲᠥᠯᠥᠨ ᠵᠢᠯᠣᠭᠤᠳᠴᠤ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠬᠤ ᠬᠡᠷᠡᠭᠲᠡᠶ᠃     ᠳᠠᠷᠠᠭ᠎ᠠ ᠠᠯᠬᠤᠮ ᠳᠤ᠂ ᠸᠧ ᠨᠢᠤ ᠾᠧ ᠪᠠᠯᠭᠠᠰᠤ ᠨᠢ ᠣᠳᠣ ᠶᠢᠨ ᠪᠠᠶᠢᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠣᠯᠤᠨ ᠸᠧ ᠨᠢᠤ ᠾᠧ ᠪᠠᠯᠭᠠᠰᠤᠨ ᠤ ᠨᠠᠮ ᠣᠯᠠᠨ ᠲᠦᠮᠡᠨ ᠤ ᠦᠢᠯᠡᠴᠢᠯᠡᠬᠡᠨ ᠤ ᠲᠥᠪ ᠲᠤ ᠲᠦᠰᠢᠭᠯᠡᠨ ᠬᠠᠷᠢᠶᠠᠲᠤ ᠣᠷᠣᠨ ᠤ ᠰᠤᠷᠭᠠᠭᠤᠯᠢ ᠲᠠᠢ ᠬᠤᠯᠪᠣᠭᠠᠯᠠᠨ ᠣᠯᠠᠨ ᠡᠰᠢᠵᠢᠭᠰᠡᠨ ᠨᠡᠶᠢᠭᠡᠮ ᠤᠨ ᠦᠢᠯᠡᠳᠦᠯᠬᠡ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠰᠤᠷᠤᠭᠴᠢᠳ ᠲᠤ ᠬᠢᠴᠢᠶᠡᠯ ᠤᠨ ᠭᠠᠳᠠᠨᠠᠬᠢ ᠦᠢᠯᠡᠳᠦᠯᠬᠡ ᠶᠢᠨ ᠰᠠᠭᠤᠷᠢᠨ ᠭᠠᠵᠠᠷ ᠪᠠᠶᠢᠭᠤᠯᠵᠤ᠂ ᠰᠤᠷᠭᠠᠨ ᠬᠥᠮᠦᠵᠢᠯ ᠤᠨ ᠠᠵᠢᠯ ᠢ ᠰᠢᠨ᠎ᠡ ᠨᠢᠭᠡᠨ ᠳᠡᠭᠲᠡᠷ ᠲᠤ ᠭᠠᠷᠭᠠᠬᠤ ᠬᠡᠷᠡᠭᠲᠡᠶ ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号