ᠸᠠ ᠳ᠋ᠢ ᠰᠢᠶᠠᠩ ᠤᠨ ︽ᠳᠥᠷᠪᠡ ᠶᠢ ᠴᠢᠩᠭᠠᠳᠬᠠᠵᠤ ᠳᠥᠷᠪᠡ ᠶᠢ ᠪᠡᠶᠡᠯᠡᠭᠦᠯᠬᠦ︾ ᠬᠥᠮᠦᠰ ᠤᠨ ᠣᠷᠣᠰᠢᠨ ᠰᠠᠭᠤᠬᠤ ᠠᠮᠢᠳᠤᠷᠠᠯ ᠤᠨ ᠣᠷᠴᠢᠨ ᠲᠣᠭᠤᠷᠢᠨ ᠰᠠᠶᠢᠬᠠᠨ ᠪᠣᠯᠪᠠ
ᠨᠡᠶᠢᠲᠡᠯᠡᠭᠰᠡᠨ ᠴᠠᠭ᠄
2020/12/4
    ᠰᠠᠭᠤᠭᠠᠯᠢ ᠠᠷᠠᠳ ᠤᠨ ᠡᠷᠡᠭᠦᠯ ᠬᠠᠮᠠᠭᠠᠯᠠᠯ ᠤᠨ ᠤᠬᠠᠮᠰᠠᠷ᠂ ᠪᠣᠯᠪᠠᠰᠤᠨ ᠬᠡᠪ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ ᠂ ᠪᠦᠬᠦ ᠰᠢᠶᠠᠩ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠳᠡᠭᠡᠭᠰᠢᠯᠡᠬᠦᠯᠬᠦ ᠶᠢᠨ ᠲᠥᠯᠥᠭᠡ ᠸᠠ ᠳ᠋ᠢ ᠰᠢᠶᠠᠩ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯ ᠪᠣᠯᠭᠠᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠤᠨ᠂ ᠪᠦᠬᠦ ᠠᠷᠠᠳ ᠢ ᠳᠠᠶᠢᠴᠢᠯᠠᠵᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠪᠣᠯᠪᠠᠰᠤᠨ ᠡᠷᠡᠭᠦᠯ ᠮᠡᠨᠳᠦ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶᠠᠭ ᠢ ᠲᠦᠷᠭᠡᠳᠬᠡᠨ ᠪᠦᠷᠢᠯᠳᠦᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠬᠦᠯᠬᠦ ᠬᠡᠷᠡᠭᠲᠡᠢ᠃     ᠨᠢᠭᠡ ᠳᠤ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠪᠦᠬᠦ ᠠᠷᠠᠳ ᠢᠶᠠᠷ ᠢᠶᠠᠨ ᠣᠷᠣᠯᠴᠠᠬᠤ ᠶᠢ ᠪᠡᠶᠡᠯᠡᠭᠦᠯᠦᠨ᠎ᠡ᠃ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠸᠠ ᠳ᠋ᠢ ᠰᠢᠶᠠᠩ ᠲᠣᠰᠬᠤᠨ ᠤ ᠬᠤᠶᠠᠷ ᠵᠥᠪᠯᠡᠯ᠂ ᠨᠠᠮ ᠤᠨ ᠭᠡᠰᠢᠭᠦᠨ᠂ ᠲᠥᠯᠥᠭᠡᠯᠡᠭᠴᠢᠳ ᠪᠣᠳᠠᠲᠠᠶ ᠭᠠᠵᠠᠷ ᠲᠤ ᠣᠷᠣᠵᠤ ᠠᠰᠠᠭᠤᠳᠠᠯ ᠡᠷᠢᠬᠦ᠂ ᠠᠯᠪᠠᠨ ᠤ ᠰᠦᠯᠵᠢᠶᠡᠨ ᠤ ᠲᠠᠪᠴᠠᠩ ᠤᠨ ᠤᠬᠠᠭᠤᠯᠭ᠎ᠠ ᠶᠢᠨ ᠢᠲᠡᠭᠡᠯ ᠵᠣᠷᠢᠭ ᠢ ᠴᠢᠩᠭᠠᠳᠬᠠᠬᠤ᠂ ᠵᠡᠭᠡᠯᠢ ᠭᠤᠳᠤᠮᠵᠢ ᠶᠢᠨ ᠢᠯᠡᠷᠬᠡᠶ ᠣᠷᠣᠨ ᠪᠠᠶᠢᠷᠢᠨ ᠳᠤ ᠳᠡᠯᠭᠡᠨ ᠦᠵᠡᠭᠦᠯᠬᠦ ᠰᠠᠮᠪᠠᠷ᠎ᠠ ᠶᠢᠨ ᠠᠭᠤᠷ ᠠᠮᠢᠰᠬᠤᠯ ᠵᠡᠷᠭᠡ ᠣᠯᠠᠨ ᠠᠷᠭ᠎ᠠ ᠵᠠᠮ ᠢᠶᠠᠷ ᠣᠯᠠᠨ ᠲᠦᠮᠡᠨ ᠤ ᠣᠷᠣᠯᠴᠠᠬᠤ ᠢᠳᠡᠪᠬᠢᠵᠢᠯ ᠪᠣᠯᠤᠨ ᠰᠠᠨᠠᠭᠠᠴᠢᠯᠠᠭᠠᠲᠤ ᠴᠢᠨᠠᠷ ᠢ ᠥᠷᠭᠡᠨ ᠢᠶᠠᠷ ᠳᠠᠶᠢᠴᠢᠯᠠᠵᠠᠶ᠃ ᠳᠡᠭᠡᠷ᠎ᠡ ᠠᠴᠠ ᠳᠣᠷᠣᠭᠰᠢ ᠵᠠᠰᠠᠭ ᠵᠠᠬᠢᠷᠭᠠᠨ ᠤ ᠳᠠᠶᠢᠴᠢᠯᠠᠯᠲᠠ ᠬᠢᠬᠦ ᠪᠠ ᠳᠣᠣᠷ᠎ᠠ ᠠᠴᠠ ᠳᠡᠭᠡᠭᠰᠢ ᠰᠠᠨᠠᠭᠠᠴᠢᠯᠠᠭ᠎ᠠ ᠠᠴᠠ ᠪᠠᠨ ᠣᠷᠣᠯᠴᠠᠬᠤ ᠣᠯᠠᠨ ᠲᠦᠮᠡᠨ ᠤ ᠲᠣᠭᠲᠠᠴᠠ ᠶᠢ ᠪᠦᠷᠢᠯᠳᠦᠭᠦᠯᠬᠦ ᠶᠢ ᠠᠬᠢᠭᠤᠯᠵᠤ᠂ ᠪᠦᠬᠦ ᠰᠢᠶᠠᠩ ᠤᠨ ᠲᠣᠰᠬᠤᠨ ᠤ ᠠᠷᠠᠳ ᠤᠨ ᠠᠷᠢᠭᠤᠨ ᠴᠡᠪᠡᠷ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠡᠶ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠬᠦ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠶᠢ ᠲᠠᠯᠪᠢᠵᠤ ᠥᠭᠴᠡᠶ᠃     ᠬᠤᠶᠠᠷ ᠲᠤ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠨ᠎ᠠ᠃ ᠠᠵᠢᠯ ᠢᠶᠠᠨ ᠬᠦᠴᠦᠲᠡᠶ ᠪᠡᠶᠡᠯᠡᠭᠦᠯᠬᠦ ᠬᠡᠷᠡᠭᠲᠡᠶ᠃ ᠲᠣᠰ ᠰᠤᠮᠤ ᠳᠤ 2 ᠬᠤᠭ ᠨᠣᠪᠰᠢ ᠳᠠᠮᠵᠢᠭᠤᠯᠬᠤ ᠥᠷᠲᠡᠭᠡ᠂ 2 ᠬᠤᠭ ᠨᠣᠪᠰᠢ  ᠰᠢᠢᠳᠪᠦᠷᠢᠯᠡᠬᠦ ᠥᠷᠲᠡᠭᠡ ᠪᠠᠶᠢᠭᠤᠯᠵᠤ᠂ 2035 ᠬᠤᠭ ᠨᠣᠪᠰᠢ ᠶᠢᠨ ᠬᠠᠶᠢᠷᠴᠠᠭ ᠲᠠᠯᠪᠢᠵᠤ᠂ 43 ᠨᠡᠷᠡᠰ ᠠᠷᠢᠭᠤᠨ ᠴᠡᠪᠡᠷ ᠢ ᠬᠠᠮᠠᠭᠠᠯᠠᠬᠤ ᠡᠩᠨᠡᠭᠡ ᠪᠠᠶᠢᠭᠤᠯᠵᠤ᠂ 45 ᠰᠠᠭᠤᠷᠢ ᠣᠷᠴᠢᠨ ᠲᠣᠭᠤᠷᠢᠨ ᠢ ᠬᠠᠮᠠᠭᠠᠯᠠᠬᠤ ᠬᠤᠭ ᠨᠣᠪᠰᠢ ᠶᠢᠨ ᠲᠡᠷᠭᠡ ᠬᠤᠳᠠᠯᠳᠤᠨ ᠠᠪᠴᠠᠶ᠃ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ 3 ᠰᠠᠭᠤᠷᠢ ᠲᠡᠷᠭᠡ᠂ ᠪᠣᠬᠢᠷ ᠤᠰᠤ ᠰᠣᠷᠣᠬᠤ 1 ᠰᠠᠭᠤᠷᠢ ᠲᠡᠷᠭᠡ ᠲᠣᠬᠢᠷᠠᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠤᠰᠬᠠᠶᠢᠵᠢᠭᠰᠠᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃     ᠭᠤᠷᠪᠠ ᠳᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠠᠷᠢᠭᠤᠨ ᠴᠡᠪᠡᠷ ᠪᠠᠶᠢᠬᠤ ᠶᠢ ᠪᠡᠶᠡᠯᠡᠭᠦᠯᠦᠨ᠎ᠡ᠃ ᠸᠠ ᠳ᠋ᠢ ᠰᠢᠶᠠᠩ ᠤᠨ ᠡᠯ᠎ᠡ ᠲᠣᠰᠬᠤᠨ ᠤ ᠪᠣᠳᠠᠲᠤ ᠪᠠᠢᠳᠠᠯ ᠲᠠᠢ ᠤᠶᠠᠯᠳᠤᠭᠤᠯᠵᠤ᠂ ᠲᠣᠰᠬᠤᠨ ᠤ ᠳᠦᠷᠢᠮ ᠠᠷᠠᠳ ᠤᠨ ᠭᠡᠷ᠎ᠡ ᠪᠣᠯᠤᠨ ᠤᠷᠲᠤ ᠬᠤᠭᠤᠴᠠᠭᠠᠨ ᠤ ᠪᠦᠲᠦᠮᠵᠢᠲᠡᠶ ᠠᠷᠢᠭᠤᠨ ᠴᠡᠪᠡᠷ ᠢ ᠬᠠᠮᠠᠭᠠᠯᠠᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠣᠰᠬᠤᠨ ᠤ ᠱᠠᠲᠤᠨ ᠤ ᠠᠷᠢᠭᠤᠨ ᠴᠡᠪᠡᠷᠯᠡᠭᠴᠢ ᠶᠢᠨ ᠬᠤᠪᠢ ᠬᠤᠷᠠᠮᠳᠤᠭᠤᠯᠬᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠡᠷᠦᠬᠡ ᠳᠠᠷᠠᠭᠠᠯᠠᠨ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠬᠡᠯᠡᠯᠴᠡᠭᠡᠷ ᠲᠣᠭᠲᠠᠵᠤ᠂ ᠬᠤᠪᠢ ᠬᠥᠮᠦᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠬᠠᠳᠬᠠᠵᠤ᠂ ᠭᠤᠤᠯᠳᠠᠯᠭ᠎ᠠ ᠲᠠᠢ ᠲᠠᠯᠠᠪᠤᠷ ᠭᠠᠵᠠᠷ᠂ ᠪᠠᠭᠤᠷᠠᠶ ᠲᠠᠯ᠎ᠠ ᠪᠠᠷ ᠰᠢᠪᠲᠤᠯᠤᠯᠲᠠ ᠪᠣᠯᠭᠠᠬᠤ ᠶᠢ ᠪᠠᠷᠢᠮᠲᠠᠯᠠᠵᠠᠶ᠃ ᠲᠥᠪᠯᠡᠷᠡᠩᠭᠦᠶ ᠮᠠᠶ᠋ᠢᠭ ᠤᠨ ᠢᠯᠭᠠᠷᠠᠭᠤᠯᠤᠯᠲᠠ ᠠᠴᠠ ᠬᠡᠪᠰᠢᠭᠰᠡᠨ ᠴᠡᠭᠴᠡᠯᠡᠨ ᠵᠠᠰᠠᠯᠲᠠ ᠲᠡᠰᠢ ᠬᠤᠪᠢᠷᠠᠭᠤᠯᠬᠤ ᠶᠢ ᠪᠡᠶᠡᠯᠡᠭᠦᠯᠵᠦ᠂ ᠱᠠᠯᠠᠪᠳᠠᠨ ᠴᠡᠪᠡᠷᠯᠡᠬᠦ ᠠᠴᠠ ᠡᠳᠦᠷ ᠲᠤᠲᠤᠮ ᠤᠨ ᠵᠢᠷᠤᠮᠵᠢᠯ ᠳᠤ ᠰᠢᠯᠵᠢᠬᠦ ᠲᠡᠰᠢ ᠬᠤᠪᠢᠷᠠᠭᠤᠯᠵᠤ᠂ ᠪᠣᠯᠪᠠᠰᠤᠨ ᠡᠷᠡᠭᠦᠯ ᠬᠠᠮᠠᠭᠠᠯᠠᠯ ᠢ ᠪᠦᠬᠦ ᠰᠢᠶᠠᠩ ᠤᠨ ᠠᠷᠠᠳ ᠲᠦᠮᠡᠨ ᠤ ᠨᠢᠭᠡ ᠵᠦᠶ᠋ᠯ ᠤᠨ ᠰᠠᠶᠢᠨ ᠰᠠᠶᠢᠬᠠᠨ ᠠᠮᠢᠳᠤᠷᠠᠯ ᠤᠨ ᠵᠠᠩ ᠳᠠᠳᠬᠠᠯ ᠪᠣᠯᠭᠠᠨ ᠠᠯᠬᠤᠮ ᠠᠯᠬᠤᠮ ᠢᠶᠠᠷ ᠬᠥᠮᠦᠵᠢᠭᠦᠯᠬᠦ ᠬᠡᠷᠡᠭᠲᠡᠶ᠃     ᠳᠥᠷᠪᠡ ᠳᠤ ᠨᠡᠶᠢᠲᠡᠯᠢᠭ ᠵᠢᠱᠢᠶ᠎ᠡ ᠪᠠᠷ ᠮᠣᠳᠣ ᠰᠣᠩᠭᠤᠬᠤ ᠶᠢ ᠴᠢᠩᠭᠠᠳᠬᠠᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠪᠡᠶᠡᠯᠡᠭᠦᠯᠦᠨ᠎ᠡ᠃ ᠸᠠ ᠳ᠋ᠢ ᠰᠢᠶᠠᠩ ᠲᠣᠰᠬᠤᠨ ᠬᠤᠶᠠᠷ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠲᠦᠷᠦᠭᠦᠯᠡᠨ ᠬᠥᠳᠡᠯᠦᠯᠴᠡᠵᠦ᠂ ᠡᠩ ᠲᠡᠷᠢᠭᠦᠨ ᠳᠤ ᠥᠪᠡᠷ ᠤᠨ ᠭᠡᠷ ᠤᠨ ᠬᠦᠷᠢᠶ᠎ᠡ ᠪᠠᠨ ᠴᠡᠪᠡᠷ ᠲᠡᠭᠰᠢ ᠪᠠᠶᠢᠯᠭᠠᠵᠤ᠂ ︽ᠨᠠᠮ ᠤᠨ ᠭᠡᠰᠢᠭᠦᠨ ᠲᠦᠷᠦᠭᠦᠯᠡᠵᠦ᠂ ᠠᠷᠠᠳ ᠤᠯᠠᠨ ᠤ ᠳᠠᠭᠤᠷᠢᠶᠠᠬᠤ︾ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠪᠠ᠃ ︽ᠬᠦᠷᠢᠶ᠎ᠡ ᠬᠠᠰᠢᠶ᠎ᠠ ᠶᠢᠨ ᠪᠠᠶᠢᠷᠢᠰᠢᠭᠤᠯᠤᠯᠲᠠ ᠰᠠᠶᠢᠬᠠᠨ᠂ ᠣᠷᠴᠢᠨ ᠲᠣᠭᠤᠷᠢᠨ ᠴᠡᠪᠡᠷ ᠰᠠᠶᠢᠬᠠᠨ᠂ ᠡᠳ᠋ ᠪᠣᠳᠠᠰ ᠲᠡᠷᠢ ᠲᠡᠭᠰᠢ ᠰᠠᠶᠢᠬᠠᠨ᠂ ᠡᠷᠦᠬᠡ ᠪᠦᠷᠢ ᠡᠶ᠎ᠡ ᠵᠣᠬᠢᠴᠠᠯ ᠲᠠᠢ ᠰᠠᠶᠢᠬᠠᠨ︾ ᠪᠠᠶᠢᠬᠤ ᠱᠠᠭᠠᠷᠳᠠᠯᠭ᠎ᠠ ᠶᠣᠰᠣᠭᠠᠷ ᠪᠦᠬᠦ ᠰᠢᠶᠠᠩ ᠢᠶᠠᠷ ᠢᠶᠠᠨ ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ︾ ᠶᠢ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠥᠷᠨᠢᠭᠦᠯᠵᠦ᠂ ᠦᠯᠢᠭᠡᠷ ᠳᠠᠭᠤᠷᠢᠶᠠᠯ ᠤᠨ ᠬᠦᠴᠦᠨ ᠢ ᠭᠦᠢᠴᠡᠳ ᠪᠠᠳᠠᠷᠠᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠬᠤ᠂ ᠴᠡᠭ ᠬᠤᠯᠪᠣᠨ ᠱᠤᠭᠤᠮ ᠪᠣᠯᠭᠠᠬᠤ᠂ ᠱᠤᠭᠤᠮ ᠬᠤᠯᠪᠣᠨ ᠬᠡᠰᠡᠭ ᠪᠣᠯᠭᠠᠬᠤ ᠬᠥᠭᠵᠢᠯᠲᠡ ᠶᠢᠨ ᠪᠠᠶᠢᠳᠠᠯ ᠢ ᠪᠦᠷᠢᠯᠳᠦᠭᠦᠯᠵᠦ᠂ ᠦᠵᠡᠰᠬᠦᠯᠡᠩᠲᠦ ᠰᠠᠶᠢᠬᠠᠨ ᠬᠦᠷᠢᠶ᠎ᠡ ᠨᠦᠭᠦᠳ ᠢ ᠦᠵᠡᠰᠬᠦᠯᠡᠩᠲᠦ ᠰᠠᠶᠢᠬᠠᠨ ᠲᠣᠰᠬᠤᠨ ᠪᠣᠯᠭᠠᠨ ᠪᠦᠷᠢᠯᠳᠦᠭᠦᠯᠵᠡᠶ᠃ ᠦᠵᠡᠰᠬᠦᠯᠡᠩᠲᠦ ᠰᠠᠶᠢᠬᠠᠨ ᠲᠣᠰᠬᠤᠨ ᠪᠦᠬᠦᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠷᠢᠯᠳᠦᠭᠦᠯᠵᠡᠢ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号