ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ | ᠶᠠᠳᠠᠭᠤ ᠬᠦᠴᠢᠷᠳᠡᠯᠲᠡᠶ ᠡᠷᠦᠬᠡ ᠶᠢ ᠪᠦᠬᠦᠨ ᠢ ᠳᠠᠭᠤᠰᠬᠠᠬᠤ ᠶᠢ ᠳᠠᠭᠠᠯᠳᠤᠨ᠂ ᠮᠥᠬᠦᠴᠢ ᠪᠠᠯᠭᠠᠰᠤ ᠣᠯᠠᠨ | ᠶᠠᠩᠵᠤᠴᠢᠯᠠᠭᠰᠠᠨ ᠬᠥᠭᠵᠢᠨ ᠮᠠᠨᠳᠤᠬᠤ ᠵᠠᠮ ᠢᠶᠠᠷ ᠶᠠᠪᠤᠵᠤ᠂ ᠢᠨᠲ᠋ᠧᠷ ᠰᠦᠯᠵᠢᠶᠡᠨ ᠤ ᠳᠣᠷᠣᠨ᠎ᠠ ᠶᠢᠨ ᠰᠠᠯᠬᠢ ᠪᠠᠷ | ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠰᠢᠨ᠎ᠡ ᠵᠠᠭᠪᠤᠷ ᠢ ᠨᠡᠭᠡᠭᠡᠵᠦ᠂ ︽ᠬᠥᠮᠦᠨ ᠲᠠᠨᠢᠬᠤ ᠦᠭᠡᠢ︾ | ᠨᠤᠲᠤᠭ ᠤᠨ ᠣᠨᠴᠠ ᠭᠠᠷᠤᠯᠲᠠ ᠶᠢ ᠴᠣᠯᠭᠤᠷᠠᠭᠤᠯᠬᠤ ᠪᠠᠷ ᠴᠢᠷᠮᠠᠶᠢᠨ ᠰᠣᠩᠭᠤᠪᠠ᠃ | ᠲᠣᠣᠷ ᠰᠦᠯᠵᠢᠬᠦ ᠳᠤ ᠠᠩᠬᠠᠷᠤᠯ ᠢᠶᠠᠨ ᠲᠥᠪᠯᠡᠷᠡᠭᠦᠯᠵᠦ ᠬᠡᠶᠢᠰᠪᠦᠷᠢ ᠪᠠ ᠪᠣᠳᠠᠲᠤ ᠪᠠᠶᠢᠳᠠᠯ ᠳᠤ ᠬᠡᠬᠦᠳᠡᠭ | ᠳᠦᠭᠦᠷᠡᠩ ᠪᠣᠯᠭᠠᠨ᠎ᠠ᠃ ᠮᠥᠬᠦᠴᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠯᠧᠺᠲᠷᠣᠨ | ᠬᠤᠳᠠᠯᠳᠤᠭ᠎ᠠ ᠪᠠᠷ ᠶᠠᠳᠠᠭᠤ ᠶᠢ ᠲᠡᠳᠬᠦᠵᠦ ᠪᠠᠶᠠᠵᠢᠭᠤᠯᠬᠤ ᠵᠠᠮ ᠢ ᠢᠳᠡᠪᠬᠢᠲᠡᠢ ᠳᠡᠪᠢᠰᠴᠦ᠂ ᠰᠢᠨᠵᠢᠯᠡᠬᠦ | ᠤᠬᠠᠭᠠᠨᠴᠢ ᠪᠠᠷ ᠭᠠᠵᠠᠷ ᠰᠣᠩᠭᠤᠬᠤ᠂ ᠲᠠᠯᠠᠪᠤᠷ ᠭᠠᠵᠠᠷ ᠪᠠᠶᠢᠭᠤᠯᠬᠤ᠂ ᠲᠠᠪᠴᠠᠩ ᠪᠠᠶᠢᠭᠤᠯᠬᠤ᠂ ᠬᠥᠮᠦᠨ ᠡᠯᠰᠡᠬᠦ᠂ | ᠠᠷᠭ᠎ᠠ ᠵᠠᠮ ᠢ ᠥᠷᠭᠡᠳᠬᠡᠬᠦ ᠵᠡᠷᠭᠡ ᠣᠯᠠᠨ ᠲᠠᠯ᠎ᠠ ᠪᠠᠷ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠲᠡᠳᠬᠦᠬᠦ ᠪᠠᠷ | ᠳᠠᠮᠵᠢᠨ᠂ ︽ᠢᠨᠲ᠋ᠧᠷ ᠰᠦᠯᠵᠢᠶ᠎ᠡ + ᠶᠠᠳᠠᠭᠤ ᠶᠢ ᠲᠡᠳᠬᠦᠵᠦ ᠬᠥᠭᠵᠢᠭᠦᠯᠦᠨ ᠮᠠᠨᠳᠤᠭᠤᠯᠬᠤ︾ ᠰᠢᠨ᠎ᠡ ᠵᠠᠭᠪᠤᠷ ᠢ | ᠬᠦᠴᠦᠯᠡᠨ ᠰᠦᠪᠡᠭᠴᠢᠯᠡᠵᠦ᠂ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠬᠠᠲᠠᠭᠤ ᠲᠣᠨᠤᠭ ᠤᠨ | ᠲᠥᠬᠦᠭᠡᠷᠦᠮᠵᠢ + ᠵᠥᠭᠡᠯᠡᠨ ᠲᠣᠨᠤᠭ ᠤᠨ ᠪᠣᠳᠠᠲᠤ ᠬᠦᠴᠦᠨ ᠢ ᠢᠳᠡᠪᠬᠢᠲᠡᠢ ᠲᠡᠭᠦᠯᠳᠡᠷᠵᠢᠭᠦᠯᠵᠦ᠂ ᠡᠭᠦᠨ ᠤ | ᠬᠠᠮᠲᠤ ᠮᠥᠭᠦᠴᠢ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠳᠦᠷᠢ ᠲᠥᠷᠬᠦ ᠶᠢ ᠪᠦᠲᠦᠭᠡᠵᠦ᠂ ᠶᠠᠳᠠᠭᠤ | ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠬᠦᠯᠵᠦ ᠡᠷᠲᠡ ᠨᠢᠭᠡᠨ ᠡᠳᠦᠷ ᠶᠠᠳᠠᠭᠤ ᠠᠴᠠ | ᠠᠩᠭᠢᠵᠢᠷᠠᠨ ᠴᠢᠨᠡᠭᠡᠯᠢᠭᠵᠢᠬᠦ ᠶᠢ ᠪᠡᠶᠡᠯᠡᠭᠦᠯᠦᠨ᠎ᠡ᠃ | ᠠᠷᠭ᠎ᠠ ᠤᠬᠠᠭᠠᠨ ᠭᠠᠷᠭᠠᠵᠤ ᠲᠠᠷᠢᠶᠠᠴᠢᠨ ᠪᠣᠯᠤᠨ ᠨᠤᠲᠤᠭ ᠤᠨ ᠪᠠᠷᠠᠭ᠎ᠠ ᠶᠢ ᠲᠦᠷᠭᠡᠨ ᠲᠡᠷᠭᠡᠨ ᠳᠤ | ᠰᠠᠭᠤᠯᠭᠠᠨ᠎ᠠ᠃ ᠡᠷᠦᠬᠡ ᠳᠤ ᠣᠷᠣᠵᠤ ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢ | ᠤᠬᠠᠭᠤᠯᠬᠤ ᠶᠢᠨ ᠬᠠᠮᠲᠤ᠂ ᠵᠣᠷᠢᠭ ᠰᠠᠨᠠᠭ᠎ᠠ ᠣᠶᠤᠨ ᠤᠬᠠᠭᠠᠨ ᠬᠤᠣᠰᠯᠠᠨ ᠲᠡᠳᠬᠦᠬᠦ ᠶᠢ ᠴᠢᠬᠤᠯᠠᠴᠢᠯᠠᠵᠤ᠂ | ᠥᠷᠭᠡᠨ ᠣᠯᠠᠨ ᠲᠠᠷᠢᠶᠠᠴᠢᠳ ᠤᠨ ᠢᠳᠡᠪᠬᠢᠲᠡᠢ ᠬᠥᠳᠡᠯᠮᠦᠷᠢᠯᠡᠬᠦ ᠶᠢ ᠵᠣᠷᠢᠭᠵᠢᠭᠤᠯᠵᠤ᠂ ︽ᠬᠦᠯᠢᠶᠡᠬᠦ᠂ ᠲᠦᠰᠢᠭᠯᠡᠬᠦ | ᠂ ᠠᠪᠬᠤ︾ ᠦᠵᠡᠯ ᠰᠠᠨᠠᠭ᠎ᠠ ᠠᠴᠠ ᠠᠩᠭᠢᠵᠢᠷᠠᠵᠤ᠂ ᠠᠵᠤ ᠦᠢᠯᠡᠰ ᠤᠨ ᠲᠠᠷᠢᠮᠠᠯ᠂ ᠣᠨᠴᠠᠯᠢᠭᠲᠤ ᠲᠡᠵᠢᠭᠡᠨ | ᠦᠷᠡᠵᠢᠭᠦᠯᠬᠦ ᠵᠡᠷᠭᠡ ᠶᠠᠳᠠᠭᠤ ᠠᠴᠠ ᠠᠩᠭᠢᠵᠢᠷᠠᠨ ᠪᠠᠶᠠᠵᠢᠬᠤ ᠶᠡᠭᠡ ᠴᠡᠷᠢᠭ ᠲᠤ ᠣᠷᠣᠵᠤ᠂ ᠦᠢᠯᠡᠳᠬᠦᠨ ᠢ ᠲᠠᠸᠠᠷ | ᠪᠣᠯᠭᠠᠨ ᠬᠤᠪᠢᠷᠠᠭᠤᠯᠵᠤ᠂ ᠬᠥᠳᠡᠯᠮᠦᠷᠢ ᠶᠢᠨ ᠦᠷ᠎ᠡ ᠪᠦᠲᠦᠭᠡᠯ ᠢ ᠡᠯᠧᠺᠳ᠋ᠷᠤᠨ ᠬᠤᠳᠠᠯᠳᠤᠭᠠᠨ ᠤ ᠵᠢᠭᠦᠷ ᠢ | ᠬᠠᠳᠬᠤᠵᠤ᠂ ︽ᠴᠢᠨᠠᠷ ᠰᠠᠶᠢᠲᠠᠢ᠂ ᠠᠮᠤᠷ ᠲᠦᠪᠰᠢᠨ᠂ ᠦᠨ᠎ᠡ ᠬᠢᠮᠳᠠ︾ ᠵᠡᠷᠭᠡ ᠥᠨᠳᠥᠷ ᠦᠨᠡᠯᠡᠯᠲᠡ ᠲᠤ | ᠲᠦᠰᠢᠭᠯᠡᠨ ᠭᠡᠷ ᠠᠴᠠ ᠪᠠᠨ ᠭᠠᠷᠬᠤ ᠦᠭᠡᠢ ᠪᠣᠯ ᠳᠠᠷᠤᠢ ᠵᠣᠭᠤᠰ ᠤᠯᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ | ᠦᠨᠡᠨᠬᠦ ᠪᠡᠶᠡᠯᠡᠭᠦᠯᠦᠨ᠎ᠡ᠃ | ᠬᠢᠨᠠᠨ ᠬᠡᠮᠵᠢᠬᠦ ᠶᠢ ᠴᠢᠩᠭᠠᠳᠬᠠᠵᠤ᠂ ᠦᠢᠯᠡᠳᠬᠦᠨ ᠪᠠ ᠶᠠᠰᠤ ᠴᠢᠨᠠᠷ ᠢ ᠬᠤᠷᠢᠭᠯᠠᠵᠤ ᠲᠤᠩᠭᠠᠨ | ᠪᠣᠳᠣᠯᠬᠢᠯᠠᠬᠤ ᠶᠢ ᠬᠤᠷᠢᠭᠯᠠᠨ᠎ᠠ᠃ ᠲᠣᠰᠬᠤᠨ ᠤ ᠠᠷᠠᠳ ᠢ ᠡᠯᠧᠺᠳ᠋ᠷᠣᠨ ᠬᠤᠳᠠᠯᠳᠤᠭᠠᠨ ᠤ ᠡᠵᠡᠩᠨᠡᠯᠲᠡ ᠳᠤ | ᠣᠷᠣᠯᠴᠠᠬᠤ ᠶᠢ ᠶᠡᠬᠡᠪᠡᠷ ᠤᠷᠢᠶᠠᠯᠠᠬᠤ ᠶᠢᠨ ᠬᠠᠮᠲᠤ ᠪᠠᠰᠠ ᠦᠢᠯᠡᠳᠬᠦᠨ ᠤ ᠶᠠᠰᠤ ᠴᠢᠨᠠᠷ ᠢ ᠬᠢᠨᠠᠨ ᠬᠡᠮᠵᠢᠬᠦ ᠶᠢ | ᠴᠢᠬᠤᠯᠠᠴᠢᠯᠠᠵᠤ᠂ ᠦᠢᠯᠡᠳᠬᠦᠨ ᠤ ᠰᠢᠯᠭᠠᠨ ᠪᠠᠶᠢᠴᠠᠭᠠᠬᠤ᠂ ᠪᠣᠭᠤᠳᠠᠯᠯᠠᠬᠤ᠂ ᠲᠡᠭᠡᠭᠡᠪᠦᠷᠢᠯᠡᠬᠦ ᠠᠴᠠ ᠨᠢᠭᠡ ᠬᠡᠯᠬᠢᠶ᠎ᠡ | ᠴᠢᠩᠭᠠᠳᠬᠠᠬᠤ ᠠᠷᠭ᠎ᠠ ᠬᠡᠮᠵᠢᠶ᠎ᠡ ᠲᠣᠭᠲᠠᠭᠠᠵᠤ᠂ ᠪᠦᠲᠦᠭᠡᠭᠳᠡᠬᠦᠨ ᠨᠢᠭᠡᠪᠦᠷᠢ ᠶᠢ ᠪᠢᠲᠡᠭᠦᠮᠵᠢᠯᠡᠨ ᠰᠠᠪᠠᠯᠠᠵᠤ | ᠲᠡᠭᠡᠭᠡᠪᠦᠷᠢᠯᠡᠬᠦ ᠠᠴᠠ ᠡᠮᠦᠨ᠎ᠡ ᠲᠤᠰᠬᠠᠶ ᠮᠡᠷᠭᠡᠵᠢᠯ ᠤᠨ ᠬᠥᠮᠦᠰ ᠨᠠᠷᠢᠨ ᠨᠢᠮᠪᠠᠶ ᠪᠠᠶᠢᠴᠠᠭᠠᠨ ᠰᠢᠯᠭᠠᠵᠤ᠂ | ᠬᠦᠯᠢᠴᠡᠩᠭᠦᠶ ᠪᠠ ᠬᠠᠶᠢᠷ᠎ᠠ ᠬᠠᠯᠠᠮᠵᠢ ᠪᠠᠷ ᠬᠡᠷᠡᠭᠯᠡᠭᠴᠢᠳ ᠤᠨ ᠰᠡᠳᠬᠢᠯ ᠰᠠᠨᠠᠭ᠎ᠠ ᠪᠠ ᠰᠠᠨᠠᠭ᠎ᠠ ᠠᠮᠤᠷ ᠪᠠᠶᠢᠬᠤ ᠶᠢ | ᠪᠡᠶᠡᠯᠡᠭᠦᠯᠵᠦ᠂ ᠬᠡᠷᠡᠭᠯᠡᠭᠴᠢᠳ ᠲᠤ ᠦᠨᠡᠨ ᠰᠡᠳᠬᠢᠯ ᠠᠴᠠ ᠪᠠᠨ ᠮᠥᠭᠦᠴᠢ ᠪᠠᠯᠭᠠᠰᠤᠨ ᠤ ᠨᠤᠲᠤᠭ ᠤᠨ ᠣᠨᠴᠠ | ᠭᠠᠷᠤᠯᠲᠠ ᠳᠤ ᠮᠠᠭᠲᠠᠭᠠᠯ ᠰᠠᠶᠢᠰᠢᠶᠠᠯ ᠣᠯᠭᠤᠨ᠎ᠠ᠃ | ᠰᠢᠭᠤᠳ ᠨᠡᠪᠲᠡᠷᠡᠭᠦᠯᠭᠡ ᠪᠠᠷ ᠪᠠᠷᠠᠭ᠎ᠠ ᠠᠪᠴᠤ ᠶᠠᠪᠤᠬᠤ ᠨᠢ ᠪᠣᠷᠣᠯᠠᠭᠤᠯᠭ᠎ᠠ ᠪᠠ ᠠᠷᠭ᠎ᠠ ᠵᠠᠮ ᠢ ᠢᠯᠡᠭᠦᠦ | ᠰᠠᠶᠢᠬᠠᠨ ᠪᠣᠯᠭᠠᠨ᠎ᠠ᠃ ᠲᠤᠰ ᠭᠠᠵᠠᠷ ᠤᠨ ᠰᠦᠯᠵᠢᠶᠡᠨ ᠤ ᠣᠳᠣᠨ ︽ᠳ᠋ᠠ ᠶᠤᠸᠠᠢ︾ ᠶᠢ ᠣᠷᠢᠵᠤ ᠰᠢᠭᠤᠳ | ᠨᠡᠪᠲᠡᠷᠡᠭᠦᠯᠦᠨ ᠪᠠᠷᠠᠭ᠎ᠠ ᠬᠤᠳᠠᠯᠳᠣᠵᠤ᠂ 40 ᠲᠦᠮᠡ ᠰᠢᠬᠠᠮ ᠦᠵᠡᠭᠴᠢᠳ ᠮᠥᠬᠦᠴᠢ ᠪᠠᠯᠭᠠᠰᠤ ᠶᠢ ᠤᠯᠠᠮ ᠣᠯᠠᠨ | ᠬᠥᠮᠦᠨ ᠮᠡᠳᠡᠵᠦ᠂ ᠮᠥᠬᠦᠴᠢ ᠪᠠᠯᠭᠠᠰᠤᠨ ᠤ ᠣᠨᠴᠠ ᠭᠠᠷᠤᠯᠲᠠ ᠶᠢ ᠣᠶᠢᠯᠠᠭᠠᠵᠠᠶ᠃ ᠪᠣᠷᠣᠯᠠᠭᠤᠯᠭ᠎ᠠ ᠶᠢᠨ ᠠᠷᠭ᠎ᠠ | ᠵᠠᠮ ᠢ ᠶᠡᠭᠡ ᠪᠠᠷ ᠥᠷᠭᠡᠳᠬᠡᠵᠦ᠂ ︽ᠲᠥᠷᠥᠯᠬᠢ ᠭᠤᠶᠤ ᠰᠠᠶᠢᠬᠠᠨ ᠴᠢᠨᠠᠷ ᠢᠶᠠᠨ ᠥᠪᠡᠷ ᠢ ᠪᠠᠨ ᠭᠤᠯᠣᠬᠤ ᠳᠤ | ᠬᠦᠴᠢᠷᠲᠡᠶ︾ ᠮᠥᠬᠦᠴᠢ ᠪᠠᠯᠭᠠᠰᠤᠨ ᠤ ᠡᠪᠡᠰᠦᠨ ᠡᠮ᠂ ᠰᠠᠨ ᠵᠧᠨ ᠳᠡᠯᠳᠦᠦ᠂ ᠰᠢᠤ ᠱᠦᠢ ᠲᠤᠲᠤᠷᠭ᠎ᠠ ᠵᠡᠷᠭᠡ | ᠪᠦᠲᠦᠭᠡᠭᠳᠡᠬᠦᠨ ᠢ ᠲᠦᠭ ᠲᠦᠮᠡᠨ ᠠᠶᠢᠯ ᠡᠷᠦᠬᠡ ᠵᠦᠭ ᠨᠢᠰᠬᠡᠪᠡ᠃ | ᠮᠥᠬᠦᠴᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠾᠧᠦ ᠹᠦ᠋ ᠮᠢᠩ | ᠬᠡᠯᠡᠬᠦ ᠳᠡᠭᠡᠨ᠂ ᠳᠠᠷᠠᠭ᠎ᠠ ᠠᠯᠬᠤᠮ ᠳᠤ ᠦᠷᠭᠦᠯᠵᠢᠯᠡᠨ ᠠᠷᠭ᠎ᠠ ᠬᠡᠮᠵᠢᠶ᠎ᠡ ᠠᠪᠴᠤ᠂ ᠲᠣᠭᠲᠠᠴᠠ ᠶᠢ | ᠲᠡᠭᠦᠯᠳᠡᠷᠵᠢᠭᠦᠯᠵᠦ᠂ ᠪᠠᠲᠣᠯᠠᠭ᠎ᠠ ᠶᠢᠨ ᠠᠷᠭ᠎ᠠ ᠵᠠᠮ ᠢᠶᠠᠷ ᠮᠦᠭᠦᠴᠢ ᠪᠠᠯᠭᠠᠰᠤᠨ ᠤ ᠡᠯᠧᠺᠲᠷᠣᠨ ᠬᠤᠳᠠᠯᠳᠤᠭᠠᠨ ᠤ | ᠡᠵᠡᠩᠨᠡᠯᠲᠡ ᠶᠢ ᠵᠢᠷᠤᠮᠵᠢᠭᠤᠯᠵᠤ᠂ ᠰᠢᠨᠵᠢᠯᠡᠬᠦ ᠤᠬᠠᠭᠠᠨᠴᠢᠯᠠᠬᠤ ᠶᠢ ᠪᠡᠶᠡᠯᠡᠭᠦᠯᠵᠦ᠂ ᠨᠠᠩ ᠣᠯᠠᠨ ᠴᠢᠨᠠᠷ ᠰᠠᠶᠢᠲᠠᠶ | ᠨᠤᠲᠤᠭ ᠤᠨ ᠣᠨᠴᠠ ᠭᠠᠷᠤᠯᠲᠠ ᠶᠢ ᠪᠦᠬᠦ ᠤᠯᠤᠰ ᠲᠤ ᠭᠠᠷᠭᠠᠵᠤ᠂ ᠨᠠᠩ ᠣᠯᠠᠨ ᠲᠣᠰᠬᠤᠨ ᠤ ᠠᠷᠠᠳ ᠢ | ᠪᠠᠶᠠᠵᠢᠭᠤᠯᠤᠨ ᠴᠢᠨᠡᠭᠡᠯᠢᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠷᠠᠭᠤᠯ ᠳᠠᠷᠳᠠᠩ | ᠵᠠᠮ ᠢ ᠥᠷᠭᠡᠳᠬᠡᠨ᠎ᠡ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶ |