ᠳᠠᠶᠢᠨ ᠤ ᠦᠶ᠎ᠡ ᠶᠢᠨ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠸᠢᠷᠦ᠋ᠰ ᠤᠨ ᠪᠦᠬᠦ ᠠᠵᠢᠯᠲᠠᠨ ᠤ | ᠪᠥᠭᠡᠮ ᠬᠦᠴᠢᠯ ᠤᠨ ᠪᠠᠶᠢᠴᠠᠭᠠᠯᠲᠠ ᠶᠢ ᠡᠬᠢᠯᠡᠭᠦᠯᠦᠭᠰᠡᠨ ᠤ ᠳᠠᠷᠠᠭ᠎ᠠ᠂ 3 ᠠᠵᠢᠯᠯᠠᠬᠤ ᠡᠳᠦᠷ ᠤᠨ ᠳᠣᠲᠣᠷ᠎ᠠ ᠰᠢᠨ᠎ᠡ | ᠲᠢᠲᠢᠮ ᠤᠨ ᠸᠢᠷᠦ᠋ᠰ ᠤᠨ ᠪᠦᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠬᠡᠮᠵᠢᠬᠦ ᠠᠵᠢᠯ ᠤᠨ ᠡᠭᠦᠷᠭᠡ ᠶᠢ | ᠪᠡᠶᠡᠯᠡᠭᠦᠯᠵᠦ᠂ ᠵᠠᠯᠠᠨ ᠠᠶᠢᠯ ᠬᠤᠲᠠ ᠶᠢᠨ ᠰᠢᠨ᠎ᠡ ᠲᠢᠲᠢᠮ ᠸᠢᠷᠦ᠋ᠰ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ | ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ ᠤᠨ ᠶᠡᠷᠦᠩᠬᠡᠶ ᠪᠠᠶᠢᠷᠢᠯᠠᠭᠤᠯᠤᠯᠲᠠ ᠶᠢ ᠦᠨᠳᠦᠰᠦᠯᠡᠨ᠂ ᠮᠠᠨ ᠤ | ᠬᠤᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ 2020 ᠣᠨ ᠤ 12 ᠰᠠᠷ᠎ᠠ ᠶᠢᠨ 9 ᠤ | ᠡᠳᠦᠷ ᠤᠨ 9 ᠴᠠᠭ ᠠᠴᠠ 11 ᠴᠠᠭ ᠪᠣᠯᠲᠠᠯ᠎ᠠ᠂ ᠵᠧᠩ ᠶᠠᠩ ᠵᠡᠭᠡᠯᠢ ᠭᠤᠳᠤᠮᠵᠢ᠂ ᠰᠢᠩ ᠬᠤᠸᠠ ᠵᠡᠭᠡᠯᠢ | ᠭᠤᠳᠤᠮᠵᠢ᠂ ᠾᠧ ᠰᠢ ᠵᠡᠭᠡᠯᠢ ᠭᠤᠳᠤᠮᠵᠢ ᠳᠤ ᠪᠥᠬᠦ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠥᠬᠦ ᠠᠵᠢᠯᠲᠠᠨ ᠤ ᠴᠥᠮ᠎ᠡ ᠶᠢᠨ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠠᠴᠢᠮ | ᠪᠠᠶᠢᠳᠠᠯ ᠢ ᠠᠷᠭᠠᠴᠠᠬᠤ ᠪᠣᠳᠠᠲᠤ ᠪᠠᠶᠢᠯᠳᠤᠭᠠᠨ ᠤ ᠰᠣᠷᠢᠯᠲᠠ ᠶᠢᠨ ᠠᠵᠢᠯ ᠢ ᠥᠷᠨᠢᠭᠦᠯᠬᠦ ᠪᠠᠷ ᠲᠣᠭᠲᠠᠪᠠ᠃ ᠲᠣᠰ | ᠤᠳᠠᠭᠠᠨ ᠤ ᠰᠣᠷᠢᠯᠲᠠ ᠳᠤ ᠭᠤᠷᠪᠠᠨ ᠵᠡᠭᠡᠯᠢ ᠭᠤᠳᠤᠮᠵᠢ ᠲᠣᠰ ᠪᠦᠷᠢ ᠨᠢᠭᠡ ᠨᠡᠶᠢᠭᠡᠮ ᠲᠣᠭᠤᠷᠢᠭ ᠤᠨ | ᠰᠦᠯᠵᠢᠶ᠎ᠡ ᠶᠢ ᠰᠣᠩᠭᠤᠵᠤ᠂ ᠲᠣᠤᠷᠯᠢᠭ ᠳᠣᠲᠣᠷᠠᠬᠢ 1500 ᠭᠠᠷᠤᠶ ᠰᠠᠭᠤᠭᠠᠯᠢ ᠠᠷᠠᠳ ᠪᠦᠬᠦ ᠠᠵᠢᠯᠲᠠᠨ ᠤ | ᠪᠣᠳᠠᠲᠤ ᠳᠠᠶᠢᠨ ᠤ ᠰᠣᠷᠢᠯᠲᠠ ᠳᠤ ᠣᠷᠣᠯᠴᠠᠭᠰᠠᠨ ᠪᠦᠬᠦ ᠶᠠᠪᠤᠴᠠ ᠳᠤ ᠦᠨᠡᠨ ᠪᠣᠳᠠᠲᠠᠶ ᠪᠠᠶᠢᠴᠠᠭᠠᠯᠲᠠ ᠬᠢᠵᠡᠶ᠃ | 10 ᠨᠡᠶᠢᠯᠡᠮᠡᠯ 1 ᠬᠤᠯᠢᠮᠠᠭ ᠮᠠᠯᠲᠠᠯᠲᠠ ᠶᠢᠨ ᠪᠠᠶᠢᠴᠠᠭᠠᠯᠲᠠ ᠶᠢᠨ ᠮᠡᠳᠡᠭᠦᠯᠦᠯᠲᠡ᠃ ᠠᠵᠢᠯᠲᠠᠨ ᠢ ᠵᠣᠬᠢᠶᠠᠨ | ᠪᠠᠶᠢᠭᠤᠯᠬᠤ᠂ ᠮᠡᠳᠡᠭᠡ ᠵᠠᠩᠭᠢ ᠴᠤᠭᠯᠠᠭᠤᠯᠬᠤ᠂ ᠦᠯᠢᠭᠡᠷ ᠠᠪᠬᠤ ᠂ ᠦᠯᠢᠭᠡᠷ ᠬᠦᠷᠬᠡᠬᠦ᠂ ᠪᠠᠶᠢᠴᠠᠭᠠᠨ ᠰᠢᠯᠭᠠᠬᠤ | ᠡᠯ᠎ᠡ ᠲᠠᠯ᠎ᠠ ᠠᠴᠠ ᠪᠣᠳᠠᠲᠤ ᠪᠠᠶᠢᠯᠳᠤᠭᠠᠨ ᠤ ᠴᠢᠨᠠᠷ ᠢ ᠳᠣᠪᠤᠶᠢᠯᠭᠠᠵᠤ᠂ ᠲᠡᠷᠡᠴᠢᠯᠡᠨ ᠪᠦᠬᠦ᠋ᠢᠯᠡ ᠶᠠᠪᠤᠴᠠ ᠳᠤᠮᠳᠠ | ᠡᠯ᠎ᠡ ᠰᠠᠯᠠᠭ᠎ᠠ ᠮᠥᠴᠢᠷ ᠤᠨ ᠬᠠᠮᠵᠢᠯᠴᠠᠨ ᠵᠣᠯᠭᠠᠭᠤᠯᠬᠤ ᠶᠢ ᠴᠢᠩᠭᠠᠳᠬᠠᠵᠤ᠂ ᠠᠰᠠᠭᠤᠳᠠᠯ ᠢ ᠢᠯᠡᠷᠡᠭᠦᠯᠵᠦ᠂ | ᠲᠤᠷᠰᠢᠯᠭ᠎ᠠ ᠪᠠᠨ ᠳ᠋ᠦᠩᠨᠡᠵᠦ᠂ ᠰᠣᠷᠢᠯᠲᠠ ᠶᠢᠨ ᠪᠣᠳᠠᠲᠤ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠶ᠃ | ᠭᠤᠷᠪᠠᠨ ᠵᠡᠭᠡᠯᠢ ᠭᠤᠳᠤᠮᠵᠢ ᠶᠢᠨ ᠤᠬᠠᠭᠤᠯᠭ᠎ᠠ ᠳᠠᠶᠢᠴᠢᠯᠠᠯᠲᠠ ᠬᠢᠵᠦ ᠨᠡᠶᠢᠭᠡᠮ ᠲᠣᠭᠤᠷᠢᠭ ᠤᠨ ᠰᠦᠯᠵᠢᠶᠡᠨ ᠤ | ᠰᠠᠭᠤᠷᠢ ᠳᠣᠲᠣᠷᠠᠬᠢ ᠰᠠᠭᠤᠭᠠᠯᠢ ᠠᠷᠠᠳ ᠢ ᠰᠣᠩᠭᠤᠨ ᠲᠣᠭᠲᠠᠭᠠᠵᠤ ᠢᠳᠡᠪᠬᠢᠲᠡᠢ ᠬᠠᠮᠵᠢᠯᠴᠠᠭᠤᠯᠤᠨ᠂ ᠪᠤᠰᠤᠳ | ᠥᠷᠭᠡᠨ ᠣᠯᠠᠨ ᠬᠤᠲᠠ ᠶᠢᠨ ᠠᠷᠠᠳ ᠠᠵᠢᠯ ᠠᠮᠢᠳᠤᠷᠠᠯ ᠤᠨ ᠡᠮᠬᠢ ᠳᠢᠭᠯᠢᠮ ᠢᠶᠠᠨ ᠪᠠᠲᠤᠯᠠᠵᠤ᠂ ᠣᠪᠣᠭᠠᠷᠠᠨ | ᠦᠵᠡᠵᠦ ᠪᠣᠯᠬᠤ ᠦᠭᠡᠶ᠂ ᠠᠶᠤᠨ ᠰᠠᠨᠳᠤᠷᠴᠤ ᠪᠣᠯᠬᠤ ᠦᠭᠡᠢ᠂ ᠴᠤᠤᠷᠬᠠᠯ ᠢ ᠢᠲᠡᠭᠡᠵᠦ ᠪᠣᠯᠬᠤ ᠦᠭᠡᠢ᠃ | ᠣᠨᠴᠠᠭᠠᠶᠢᠯᠠᠨ ᠵᠠᠷᠯᠠᠪᠠ | ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠭᠤᠰᠬᠢᠨ ᠦᠷᠪᠢᠰᠦᠯ | ᠬᠠᠯᠳᠠᠪᠤᠷᠢᠯᠠᠨ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠭᠡᠷ | 2020 ᠣᠨ ᠤ 12 ᠰᠠᠷ᠎ᠠ ᠶᠢᠨ 8 ᠤ ᠡᠳᠦᠷ |