ᠮᠥᠭᠦᠴᠢ ᠪᠠᠯᠭᠠᠰᠤ᠄ ᠬᠠᠤᠯᠢ ᠴᠠᠭᠠᠵᠠ ᠪᠠᠷ ᠵᠠᠯᠠᠭᠤ ᠨᠠᠰᠤ ᠪᠠᠨ ᠬᠠᠮᠠᠭᠠᠯᠠᠬᠤ
ᠨᠡᠶᠢᠲᠡᠯᠡᠭᠰᠡᠨ ᠴᠠᠭ᠄
2020/12/9
    ᠵᠠᠯᠠᠭᠤ ᠪᠠᠭᠠᠴᠤᠳ ᠤᠨ ᠬᠠᠤᠯᠢ ᠪᠠᠷ ᠵᠠᠰᠠᠬᠤ ᠦᠵᠡᠯᠲᠡ ᠪᠠ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠳᠤ ᠬᠠᠤᠯᠢ ᠶᠢ ᠰᠤᠷᠴᠤ ᠬᠠᠤᠯᠢ ᠶᠢ ᠮᠡᠳᠡᠵᠦ ᠬᠠᠤᠯᠢ ᠶᠢ ᠰᠠᠬᠢᠵᠤ ᠬᠠᠤᠯᠢ ᠶᠢ ᠬᠡᠷᠡᠭᠯᠡᠬᠦ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠵᠤ᠂ ᠠᠮᠤᠷ ᠠᠮᠤᠭᠤᠯᠠᠩ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ ᠲᠦᠷᠦᠭᠦᠬᠡᠨ᠂ ᠮᠥᠭᠦᠴᠢ ᠪᠠᠯᠭᠠᠰᠤᠨ ᠤ ᠬᠠᠤᠯᠢ ᠲᠦᠷᠢᠮ ᠤᠨ ᠰᠠᠶᠢᠨ ᠳᠤᠷ᠎ᠠ ᠵᠢᠨ‌ᠦᠢᠯᠡᠴᠢᠯᠡᠬᠡᠨ ᠤ ᠠᠩᠭᠢ ᠮᠥᠬᠦᠴᠢ ᠶᠢᠨ ᠳᠤᠮᠳᠠᠳᠤ ᠰᠤᠷᠭᠠᠭᠤᠯᠢ ᠳᠤ ᠣᠷᠣᠵᠤ᠂ ︽ᠦᠵᠡᠭᠳᠡᠯ ᠤᠨ ᠬᠡᠯᠪᠡᠷᠢ︾ ︽ᠬᠡᠷᠡᠭ ᠤᠨ ᠵᠢᠱᠢᠶ᠎ᠡ ᠮᠠᠶ᠋ᠢᠭ︾ ᠤᠨ ᠬᠠᠤᠯᠢ ᠴᠠᠭᠠᠵᠠ ᠶᠢᠨ ᠤᠬᠠᠭᠤᠯᠤᠨ ᠲᠠᠶᠢᠯᠪᠤᠷᠢᠯᠠᠯᠲᠠ ᠪᠠᠷ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠳᠤ ᠺᠣᠳ᠋ ᠨᠡᠮᠡᠪᠡ᠃     ᠰᠠᠶᠢᠨ ᠳᠤᠷᠠᠴᠤᠳ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ᠂ ᠬᠥᠮᠦᠨ ᠤ ᠪᠡᠶ᠎ᠡ ᠶᠢᠨ ᠠᠮᠤᠷ ᠲᠦᠪᠰᠢᠨ ᠵᠡᠷᠭᠡ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ ᠵᠢᠷᠭᠤᠭᠠᠨ ᠠᠭᠤᠯᠭ᠎ᠠ ᠶᠢᠨ ᠲᠣᠭᠤᠷᠢᠨ ᠳᠤ᠂ ᠬᠤᠯᠪᠣᠭᠳᠠᠯ ᠪᠦᠬᠦᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠯᠲᠠ ᠬᠢᠵᠦ᠂ ᠪᠠᠭᠰᠢ ᠰᠤᠷᠤᠭᠴᠢᠳ ᠲᠤ ᠠᠮᠤᠷ ᠲᠦᠪᠰᠢᠨ ᠤ ᠴᠢᠬᠤᠯᠠ ᠴᠢᠨᠠᠷ ᠢ ᠭᠦᠢᠴᠡᠳ ᠲᠠᠨᠢᠭᠤᠯᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠵᠣᠷᠢᠭᠵᠢᠭᠤᠯᠵᠤ ᠪᠠᠶᠢᠭᠠᠳ ᠥᠪᠡᠷ ᠢ ᠪᠠᠨ ᠬᠠᠮᠠᠭᠠᠯᠠᠭᠤᠯᠵᠤ᠂ ᠠᠮᠤᠷ ᠲᠦᠪᠰᠢᠨ ᠤ ᠬᠥᠮᠦᠵᠢᠯ ᠤᠨ ᠮᠡᠳᠡᠯᠭᠡ ᠶᠢ ᠰᠡᠳᠬᠢᠯ ᠳᠡᠭᠡᠨ ᠬᠠᠳᠠᠩᠰᠢᠭᠤᠯᠤᠨ᠎ᠠ᠃     ᠬᠡᠷᠡᠭ ᠤᠨ ᠵᠢᠱᠢᠶ᠎ᠡ ᠶᠢ ᠵᠠᠳᠠᠯᠵᠤ ᠳᠠᠭᠤᠰᠤᠭᠰᠠᠨ ᠤ ᠳᠠᠷᠠᠭ᠎ᠠ᠂ ᠰᠠᠶᠢᠨ ᠳᠤᠷᠠᠴᠤᠳ ᠪᠣᠯᠤᠨ ᠰᠤᠷᠭᠠᠭᠤᠯᠢ ᠶᠢᠨ ᠪᠠᠭᠰᠢ ᠰᠤᠷᠤᠭᠴᠢᠳ ᠲᠤᠬᠠᠶ ᠶᠢᠨ ᠲᠠᠯᠠᠪᠠᠶ ᠳᠤ ᠬᠠᠷᠢᠯᠴᠠᠨ ᠠᠰᠠᠭᠤᠯᠲᠠ ᠬᠠᠷᠢᠭᠤᠯᠲᠠ ᠥᠭᠬᠦ ᠵᠡᠷᠭᠡ ᠬᠡᠯᠪᠡᠷᠢ ᠪᠠᠷ ᠰᠤᠷᠭᠠᠭᠤᠯᠢ ᠶᠢᠨ ᠠᠮᠤᠷ ᠲᠦᠪᠰᠢᠨ ᠤ ᠠᠰᠠᠭᠤᠳᠠᠯ ᠢ ᠭᠦᠨᠵᠡᠭᠡᠶ ᠵᠠᠳᠠᠯᠵᠠᠶ᠃ ᠰᠤᠷᠤᠭᠴᠢᠳ ᠢ ᠬᠥᠲᠥᠯᠥᠨ ᠵᠢᠯᠣᠭᠤᠳᠴᠤ ᠰᠤᠷᠭᠠᠨ ᠬᠥᠮᠦᠵᠢᠭᠦᠯᠬᠦ ᠳᠤ ᠬᠠᠤᠯᠢ ᠳᠦᠷᠢᠮ ᠤᠨ ᠠᠮᠤᠷ ᠲᠦᠪᠰᠢᠨ ᠤ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠵᠥᠪ ᠪᠤᠷᠤᠭᠤ ᠶᠢ ᠢᠯᠭᠠᠨ ᠲᠠᠨᠢᠬᠤ᠂ ᠨᠡᠶᠢᠭᠡᠮ ᠤᠨ ᠮᠠᠭᠤ ᠨᠥᠯᠥᠭᠡ ᠶᠢ ᠡᠰᠡᠷᠭᠦᠴᠡᠨ ᠬᠤᠷᠢᠭᠯᠠᠬᠤ ᠪᠠ ᠬᠠᠤᠯᠢ ᠶᠢ ᠵᠥᠷᠢᠴᠡᠵᠦ ᠶᠠᠯ᠎ᠠ ᠬᠢᠬᠦ ᠶᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠵᠡᠪᠰᠡᠭ ᠢ ᠵᠦᠶ ᠵᠣᠬᠢᠰᠲᠠᠶ ᠪᠠᠷ ᠠᠰᠢᠭᠯᠠᠨ ᠥᠪᠡᠷ ᠤᠨ ᠪᠠ ᠭᠡᠷ ᠤᠨ ᠬᠥᠮᠦᠰ ᠤᠨ ᠢᠶᠠᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃    ᠬᠠᠤᠯᠢ ᠲᠦᠭᠡᠮᠡᠯᠵᠢᠭᠦᠯᠬᠦ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠦᠨᠳᠦᠰᠦᠨ ᠬᠠᠤᠯᠢ ᠶᠢᠨ ᠤᠬᠠᠮᠰᠠᠷ ᠢ ᠨᠡᠮᠡᠭᠳᠡᠭᠦᠯᠵᠡᠶ᠃ ᠪᠠᠰᠠ ᠵᠠᠯᠠᠭᠤᠴᠤᠳ ᠪᠠᠭᠠᠴᠤᠳ ᠤᠨ ᠬᠠᠤᠯᠢᠵᠢᠯ ᠤᠨ ᠢᠲᠡᠭᠡᠯ ᠪᠢᠰᠢᠷᠡᠯ ᠢ ᠪᠤᠶᠢᠵᠢᠭᠤᠯᠵᠤ᠂ ᠦᠨᠳᠦᠰᠦᠨ ᠬᠠᠤᠯᠢ ᠶᠢ ᠦᠨᠡᠨᠴᠢ ᠡᠷᠬᠢᠮᠯᠡᠭᠴᠢ᠂ ᠤᠬᠠᠮᠰᠠᠷ ᠠᠴᠠ ᠪᠠᠨ ᠵᠢᠷᠤᠮᠯᠠᠭᠴᠢ᠂ ᠡᠷᠡᠰ ᠪᠠᠲᠤ ᠬᠠᠮᠠᠭᠠᠯᠠᠭᠴᠢ ᠪᠣᠯᠤᠭᠰᠠᠨ ᠪᠠᠶᠢᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号