ᠸᠧ ᠨᠢᠤ ᠾᠧ ᠪᠠᠯᠭᠠᠰᠤ 2020 ᠣᠨ ᠤ ᠳᠥᠷᠪᠡᠳᠦᠭᠡᠷ ᠤᠯᠠᠷᠢᠯ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/9
    ᠣᠶᠢᠷ᠎ᠠ ᠳᠤ᠂ ᠸᠧ ᠨᠢᠤ ᠾᠧ ᠪᠠᠯᠭᠠᠰᠤ 2020 ᠤᠨ ᠳᠥᠷᠪᠡᠳᠦᠭᠡᠷ ᠤᠯᠠᠷᠢᠯ ᠤᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠢᠵᠦ᠂ ᠪᠦᠬᠦ ᠪᠠᠯᠭᠠᠰᠤᠨ ᠤ ᠪᠠᠶᠢᠭᠤᠯᠭ᠎ᠠ ᠶᠢᠨ ᠺᠠᠳ᠋ᠷ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠱᠦᠵᠢ᠂ ᠡᠷᠬᠢᠯᠡᠭᠴᠢ ᠬᠤᠷᠠᠯ ᠳᠤ ᠣᠷᠣᠯᠴᠠᠵᠠᠶ᠃     ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠴᠦᠨ ᠫᠢᠩ 2020 ᠤᠨ ᠨᠠᠮ ᠤᠨ ᠰᠤᠷᠲᠠᠯ ᠴᠢᠬᠡᠴᠢ ᠵᠠᠰᠠᠭ ᠤᠨ ᠠᠵᠢᠯ ᠤᠨ ᠪᠠᠶᠢᠭᠤᠯᠤᠯᠲᠠ ᠶᠢᠨ ᠪᠠᠶᠢᠳᠠᠯ ᠢ ᠳ᠋ᠦᠩᠨᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠤᠯᠤᠰ ᠲᠥᠷᠥ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠬᠦᠢᠴᠡᠳᠬᠡᠵᠦ᠂ ᠬᠠᠷᠠᠯᠲᠠᠲᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠡᠶ᠃ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠵᠡᠷᠭᠡ ᠳᠥᠷᠪᠡᠨ ᠲᠠᠯ᠎ᠠ ᠪᠠᠷ ᠳ᠋ᠦᠩᠨᠡᠯᠲᠡ ᠬᠢᠵᠡᠶ᠃     ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠲᠤᠭ ᠲᠡᠮᠳᠡᠭ ᠲᠣᠳᠣᠷᠬᠠᠢ ᠪᠠᠷ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠳᠤ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠦᠨᠳᠦᠰᠦᠨ ᠵᠠᠷᠴᠢᠮ ᠢ ᠢᠮᠠᠭᠲᠠ ᠪᠠᠷᠢᠮᠲᠠᠯᠠᠵᠤ᠂ ᠠᠵᠢᠯ ᠢ ᠠᠳᠬᠤᠵᠤ᠂ ᠪᠣᠳᠠᠲᠤ ᠶᠠᠪᠤᠳᠠᠯ ᠬᠢᠬᠦ ᠬᠡᠷᠡᠭᠲᠡᠶ᠃ ᠬᠤᠶᠠᠷ ᠲᠤ ᠴᠢᠩᠭ᠎ᠠ ᠪᠥᠭᠡᠳ ᠪᠣᠳᠠᠲᠠᠶ ᠪᠠᠷ ᠬᠢᠬᠦ ᠶᠢ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠡᠳᠦᠷ ᠳᠤᠳᠤᠮ ᠤᠨ ᠬᠢᠨᠠᠯᠲᠠ ᠲᠠᠯᠪᠢᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠣᠪᠣᠷ ᠰᠤᠷᠲᠠᠯ ᠰᠠᠬᠢᠯᠭ᠎ᠠ ᠪᠠᠲᠤ ᠶᠢ ᠴᠢᠩᠳᠠᠯᠠᠵᠤ᠂ ᠤᠳᠤᠷᠢᠳᠬᠤ ᠪᠠᠭ ᠢ ᠠᠳᠬᠤᠵᠤ᠂ ᠡᠩᠨᠡᠭᠡ ᠶᠢ ᠳᠠᠭᠠᠭᠤᠯᠬᠤ ᠬᠡᠷᠡᠭᠲᠡᠢ᠃ ᠭᠤᠷᠪᠠ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠎ᠡ᠃ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠤᠨ ᠦᠢᠯᠡᠳᠦᠯ ᠢ ᠪᠠᠳᠠᠷᠠᠭᠤᠯᠵᠤ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠢᠮᠠᠭᠲᠠ ᠪᠠᠷᠢᠮᠲᠠᠯᠠᠵᠤ᠂ ᠥᠨᠳᠥᠷ ᠳᠠᠷᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢ ᠠᠳᠬᠤᠬᠤ ᠬᠡᠷᠡᠭᠲᠡᠶ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠡᠷᠢᠭᠦᠨ ᠤ ᠴᠢᠭ ᠢ ᠣᠨᠣᠪᠴᠢᠲᠠᠶ ᠡᠷᠢᠵᠦ ᠳᠠᠷᠦ᠋ᠢᠬᠠᠨ ᠬᠡᠷ ᠡᠭᠵᠢᠭᠦᠯᠵᠦ ᠳᠠᠷᠦ᠋ᠢᠬᠠᠨ ᠥᠭᠡᠷᠡᠴᠢᠯᠡᠬᠦ ᠬᠡᠷᠡᠭᠲᠡᠶ᠃ ᠣᠨᠣᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠬᠡᠪ ᠤᠨ ᠪᠤᠰᠤ ᠲᠠᠨᠢᠯᠲᠠ᠂ ᠠᠷᠭ᠎ᠠ ᠬᠡᠮᠵᠢᠶ᠎ᠡ ᠪᠠ ᠦᠢᠯᠡ ᠠᠵᠢᠯᠯᠠᠭ᠎ᠠ ᠪᠠᠷ ᠪᠦᠬᠦ ᠪᠠᠯᠭᠠᠰᠤᠨ ᠤ ᠡᠯ᠎ᠡ ᠵᠦᠢᠯ ᠤᠨ ᠠᠵᠢᠯ ᠦᠢᠯᠡᠰ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠬᠡᠷᠡᠭᠲᠡᠶ᠃ ᠳᠡᠭᠡᠳᠦ ᠱᠠᠲᠤᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂  ᠸᠧ ᠨᠢᠤ ᠾᠧ ᠪᠠᠯᠭᠠᠰᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠬᠡᠷᠡᠭᠲᠡᠢ᠃
   
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号