ᠵᠠᠯᠠᠨ ᠠᠶᠢᠯ  ᠤᠨ ᠪᠠᠶᠢᠭᠠᠯᠢ  ᠭᠠᠵᠠᠷ ᠵᠦᠢ
ᠨᠡᠶᠢᠲᠡᠯᠡᠭᠰᠡᠨ ᠴᠠᠭ᠄
2020/9/14
ᠭᠠᠵᠠᠷ ᠵᠦᠶ ᠶᠢᠨ ᠪᠠᠶᠢᠷᠢᠰᠢᠯ     ᠵᠠᠯᠠᠨ ᠠᠶᠢᠯ ᠬᠤᠲᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ᠂ ᠬᠥᠯᠥᠨ ᠪᠦᠷ ᠬᠤᠲᠠ ᠶᠢᠨ ᠡᠮᠦᠨ᠎ᠡ ᠦᠵᠦᠭᠦᠷ ᠲᠤ ᠪᠠᠶᠢᠷᠢᠯᠠᠵᠤ᠂ ᠶᠡᠭᠡ ᠬᠢᠩᠭᠠᠨ ᠳᠠᠪᠠᠭ᠎ᠠ ᠶᠢ ᠲᠦᠰᠢᠨ ᠰᠤᠩᠭᠠᠷᠢ ᠮᠥᠷᠡᠨ ᠤ ᠲᠠᠯ᠎ᠠ ᠭᠠᠵᠠᠷ ᠢ ᠪᠠᠷᠠᠯᠠᠵᠤ ᠭᠠᠵᠠᠷ ᠵᠦᠢ ᠶᠢᠨ ᠪᠠᠶᠢᠷᠢᠰᠢᠯ ᠨᠢ ᠤᠮᠠᠷᠠᠲᠤ ᠥᠷᠭᠡᠷᠢᠭ ᠤᠨ 47°5′40′~48°36′34〃᠂ ᠵᠡᠭᠦᠨ ᠤᠷᠲᠤᠷᠢᠭ ᠤᠨ 120°28′51′~123°17′30〃᠃ ᠵᠡᠭᠦᠨᠰᠢ ᠪᠠᠨ ᠶᠢᠨ ᠭᠤᠤᠯ ᠢᠶᠠᠷ ᠵᠠᠭᠠᠭ ᠪᠣᠯᠭᠠᠵᠤ ᠠᠷᠤᠨ ᠬᠤᠰᠢᠭᠤ ᠲᠠᠢ ᠬᠠᠷᠢᠯᠴᠠᠨ ᠲᠦᠰᠢᠯᠴᠡᠵᠦ᠂ ᠵᠡᠭᠦᠨ ᠡᠮᠦᠨ᠎ᠡ ᠵᠢᠴᠢ ᠡᠮᠦᠨ᠎ᠡ ᠠᠯᠲᠠᠨ ᠣᠷᠳᠣ ᠴᠠᠭᠠᠨ ᠬᠡᠷᠡᠮ ᠢᠶᠠᠷ ᠵᠠᠭᠠᠭ ᠪᠣᠯᠭᠠᠵᠤ ᠬᠠᠷᠠᠮᠥ᠋ᠷᠡᠨ ᠮᠤᠵᠢ ᠶᠢᠨ ᠭᠠᠨᠨᠠᠨ᠂ ᠯᠦᠩᠵᠢᠶᠠᠩ ᠬᠤᠶᠠᠷ ᠰᠢᠶᠠᠨ ᠵᠢᠴᠢ ᠬᠢᠩᠭᠠᠨ ᠠᠶᠢᠮᠠᠭ ᠤᠨ ᠵᠠᠯᠠᠶᠢᠳ ᠬᠤᠰᠢᠭᠤ ᠲᠠᠢ ᠬᠥᠷᠰᠢᠯᠡᠵᠦ᠂ ᠪᠠᠷᠠᠭᠤᠨ ᠪᠠᠷᠠᠭᠤᠨ ᠬᠤᠶᠢᠲᠤ ᠬᠡᠰᠡᠭ ᠤᠨ ᠬᠠᠮᠠᠷ ᠠᠭᠤᠯᠠ ᠪᠠ ᠮᠥᠭᠡᠷ ᠮᠥᠷᠡᠨ ᠢᠶᠠᠷ ᠵᠠᠭᠠᠭ ᠪᠣᠯᠭᠠᠵᠤ ᠷᠠᠰᠢᠶᠠᠨ ᠬᠤᠲᠠ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠲᠠᠢ ᠵᠠᠬ᠎ᠠ ᠨᠡᠶᠢᠯᠡᠵᠦ ᠪᠠᠶᠢᠨ᠎ᠠ᠃ ᠤᠮᠠᠷᠠᠲᠤ ᠶᠢ ᠠᠮᠤᠨᠢᠦ ᠭᠤᠣᠯ ᠢᠶᠠᠷ ᠵᠠᠭᠠᠭ ᠪᠣᠯᠭᠠᠵᠤ ᠶᠠᠭᠰᠢ ᠬᠤᠲᠠ ᠲᠠᠢ ᠬᠤᠯᠪᠣᠵᠠᠶ᠃ ᠬᠤᠲᠠ ᠶᠢᠨ ᠵᠡᠭᠦᠨ ᠪᠠᠷᠠᠭᠤᠨ ᠦᠵᠦᠭᠦᠷ ᠤᠨ ᠰᠢᠯᠤᠭᠤᠨ ᠱᠤᠭᠤᠮ ᠢᠶᠠᠷ 210 ᠺᠢᠯᠣᠮᠧᠲᠷ ᠵᠠᠶᠢᠲᠠᠶ ᠪᠠᠶ᠋ᠳᠠᠭ᠃ ᠡᠮᠦᠨ᠎ᠡ ᠤᠮᠠᠷ᠎ᠠ ᠶᠢᠨ ᠣᠷᠣᠶ ᠶᠢᠨ ᠰᠢᠯᠤᠭᠤᠨ ᠵᠠᠶ ᠨᠢ 160 ᠺᠢᠯᠣᠮᠧᠲᠷ ᠪᠠᠶᠢᠵᠤ᠂ ᠪᠥᠬᠦ ᠬᠤᠲᠠ ᠶᠢᠨ ᠶᠡᠷᠦᠩᠬᠡᠶ ᠲᠠᠯᠠᠪᠠᠶ ᠨᠢ 16926.3 ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ᠃
ᠪᠠᠶᠢᠭᠠᠯᠢ ᠶᠢᠨ ᠤᠷᠤᠴᠢᠨ ᠲᠤᠭᠤᠷᠢᠨ   ᠵᠠᠯᠠᠨ ᠠᠶᠢᠯ ᠬᠤᠲᠠ ᠠᠽᠢᠶ᠎ᠠ ᠲᠢᠪ ᠤᠨ ᠡᠬᠡ ᠬᠠᠭᠤᠷᠠᠶ ᠶᠢᠨ ᠳᠤᠮᠳᠠ ᠬᠡᠰᠡᠭ ᠲᠤ ᠪᠠᠶᠢᠷᠢᠯᠠᠵᠤ ᠪᠠᠶᠢᠭ᠎ᠠ ᠮᠣᠩᠭᠤᠯ ᠥᠨᠳᠦᠷᠯᠢᠭ ᠤᠨ ᠵᠡᠭᠦᠨ ᠵᠠᠬ᠎ᠠ ᠶᠡᠭᠡ ᠬᠢᠩᠭᠠᠨ ᠳᠠᠪᠠᠭ᠎ᠠ ᠶᠢᠨ ᠠᠭᠤᠯᠠ ᠨᠢᠷᠤᠭᠤ ᠶᠢᠨ ᠳᠤᠮᠳᠠ ᠬᠡᠰᠡᠭ ᠤᠨ ᠵᠡᠭᠦᠨ ᠬᠤᠷᠮᠣᠶ᠂ ᠰᠤᠩᠭᠠᠷᠢ ︵ᠯᠢᠶᠣᠤ ᠤᠯᠤᠰ︶ ᠶᠢᠨ ᠲᠠᠯ᠎ᠠ ᠭᠠᠵᠠᠷ ᠤᠨ ᠪᠠᠷᠠᠭᠤᠨ ᠲᠠᠯ᠎ᠠ ᠳᠤ ᠪᠠᠶᠢᠷᠢᠯᠠᠵᠤ ᠪᠠᠶᠢᠨ᠎ᠠ᠃ ᠬᠢᠯᠢ ᠶᠢᠨ ᠳᠣᠲᠣᠷᠠᠬᠢ ᠭᠠᠵᠠᠷ ᠤᠨ ᠪᠠᠶᠢᠴᠠ ᠨᠢ ᠪᠠᠷᠠᠭᠤᠨ ᠥᠨᠳᠥᠷ ᠵᠡᠭᠦᠨ ᠨᠢ ᠳᠣᠣᠷ᠎ᠠ᠂ ᠤᠮᠠᠷᠠᠲᠤ ᠥᠨᠳᠥᠷ ᠡᠮᠦᠨ᠎ᠡ ᠨᠢ ᠳᠣᠣᠷ᠎ᠠ ᠪᠠᠶᠢᠳᠠᠭ᠃ ᠭᠠᠵᠠᠷ ᠤᠨ ᠪᠠᠶᠢᠴᠠ ᠶᠢᠨ ᠬᠠᠮᠤᠭ ᠤᠨ ᠥᠨᠳᠥᠷ ᠴᠡᠭ ᠨᠢ ᠬᠤᠲᠠ ᠶᠢᠨ ᠪᠠᠷᠠᠭᠤᠨ ᠦᠵᠦᠭᠦᠷ ᠤᠨ ᠴᠠᠢ ᠾᠧ ᠶᠤᠸᠠᠨ ᠣᠢ ᠰᠢᠭᠤᠢ ᠶᠢᠨ ᠲᠠᠯᠠᠪᠠᠢ ᠶᠢᠨ ᠪᠠᠷᠠᠭᠤᠨ ᠡᠮᠦᠨ᠎ᠡ 8 ᠺᠢᠯᠣᠮᠧᠲᠷ ᠵᠠᠶᠢᠲᠠᠢ ᠬᠢᠩᠭᠠᠨ ᠠᠶᠢᠮᠠᠭ ᠤᠨ ᠠᠭᠤᠯᠵᠠᠷ ᠲᠤ ᠳᠠᠯᠠᠢ ᠶᠢᠨ ᠲᠦᠪᠰᠢᠨ ᠠᠴᠠ 1706 ᠮᠧᠲᠷ ᠡᠷᠭᠦᠭᠳᠡᠭᠰᠡᠨ ᠨᠡᠷ᠎ᠡ ᠦᠭᠡᠢ ᠥᠨᠳᠦᠷᠯᠢᠭ ᠭᠠᠵᠠᠷ ᠪᠣᠯᠤᠨ᠎ᠠ᠃ ᠬᠠᠮᠤᠭ ᠳᠣᠤᠷ᠎ᠠ ᠴᠡᠭ ᠨᠢ ᠴᠢᠩᠭᠢᠰ ᠬᠠᠭᠠᠨ ᠪᠠᠯᠭᠠᠰᠤ ᠠᠴᠠ ᠡᠮᠦᠨᠡᠰᠢ ᠬᠠᠷᠠᠮᠥ᠋ᠷᠡᠨ ᠮᠤᠵᠢ ᠶᠢᠨ ᠯᠦᠩ ᠵᠢᠶᠠᠩ ᠰᠢᠶᠡᠨ ᠤ ᠬᠢᠯᠢ ᠶᠢᠨ ᠣᠷᠴᠢᠮ 250 ᠮᠧᠲᠷ ᠤᠨ ᠭᠠᠵᠠᠷ ᠪᠣᠯᠤᠨ᠎ᠠ᠃ ᠬᠤᠶᠠᠷ ᠭᠠᠵᠠᠷ ᠤᠨ ᠥᠨᠳᠥᠷ ᠤᠨ ᠵᠥᠷᠢᠶ᠎ᠡ ᠨᠢ 1456 ᠮᠧᠲᠷ ᠲᠤ ᠬᠦᠷᠴᠡᠶ᠃ ᠣᠷᠣᠨ ᠤ ᠳᠣᠲᠣᠷᠠᠬᠢ ᠭᠠᠵᠠᠷ ᠤᠨ ᠲᠥᠷᠬᠦ ᠶᠢᠨ ᠬᠡᠯᠪᠡᠷᠢ ᠭᠤᠤᠯᠳᠠᠭᠤ ᠠᠭᠤᠯᠠᠷᠬᠠᠭ ᠭᠠᠵᠠᠷ ︵ᠵᠥᠩ ᠱᠠᠨ᠂ ᠨᠠᠮ ᠠᠭᠤᠯᠠ︶᠂ ᠳᠣᠪᠣᠷᠬᠠᠭ᠂ ᠲᠠᠯ᠎ᠠ ᠭᠠᠵᠠᠷ ᠪᠠ ᠭᠤᠤᠯ ᠤᠨ ᠬᠥᠨᠳᠡᠶ ᠵᠡᠷᠭᠡ 4 ᠵᠦᠶ᠋ᠯ ᠤᠨ ᠭᠠᠵᠠᠷ ᠤᠨ ᠪᠠᠶᠢᠴᠠ ᠶᠢᠨ ᠨᠢᠭᠡᠴᠢ ᠪᠠᠶᠢᠵᠤ᠂ ᠲᠡᠭᠦᠨ ᠤ ᠥᠩᠭᠡᠨ ᠲᠠᠯ᠎ᠠ ᠶᠢᠨ ᠬᠡᠯᠪᠡ ᠷᠢ ᠪᠠᠷ ᠪᠦᠷᠢᠯᠳᠦᠭᠰᠡᠨ ᠪᠠᠶᠢᠭᠠᠯᠢ ᠶᠢᠨ ᠲᠠᠷᠬᠠᠯᠲᠠ ᠪᠣᠯᠤᠨ᠎ᠠ᠃ ᠪᠥᠬᠦ ᠬᠤᠲᠠ ᠳᠤ ᠵᠦᠩᠱᠠᠨ ᠬᠤᠪᠢᠶᠠᠷᠢ ᠣᠷᠣᠨ᠂ ᠪᠣᠭᠤᠨᠢ ᠠᠭᠤᠯᠠ ᠬᠤᠪᠢᠶᠠᠷᠢ ᠣᠷᠣᠨ᠂ ᠳᠣᠪᠣᠷᠬᠠᠭ ᠬᠤᠪᠢᠶᠠᠷᠢ ᠣᠷᠤᠨ ᠪᠠ ᠲᠠᠯ᠎ᠠ ᠭᠠᠵᠠᠷ ᠤᠨ ᠬᠤᠪᠢᠶᠠᠷᠢ ᠣᠷᠣᠨ 4 ᠭᠠᠵᠠᠷ ᠤᠨ ᠲᠥᠷᠬᠦ ᠶᠢᠨ ᠬᠤᠪᠢᠶᠠᠷᠢ ᠣᠷᠣᠨ ᠬᠤᠪᠢᠶᠠᠵᠤ ᠪᠣᠯᠤᠨ᠎ᠠ᠃
ᠠᠭᠤᠷ ᠠᠮᠢᠰᠬᠤᠯ ᠤᠨ ᠣᠨᠴᠠᠯᠢᠭ
  ᠵᠠᠯᠠᠨ ᠠᠶᠢᠯ ᠬᠤᠲᠠ ᠪᠣᠯ ᠳᠤᠮᠳᠠᠳᠤ ᠰᠡᠷᠢᠭᠦᠨ ᠪᠦᠰᠡ ᠶᠢᠨ ᠡᠬᠡ ᠬᠠᠭᠤᠷᠠᠢ ᠤᠨ ᠴᠢᠨᠠᠷᠲᠠᠢ ᠤᠯᠠᠷᠢᠯ ᠤᠨ ᠰᠠᠯᠬᠢᠨ ᠤ ᠠᠭᠤᠷ ᠠᠮᠢᠰᠬᠤᠯ ᠳᠤ ᠬᠠᠷᠢᠶᠠᠯᠠᠭᠳᠠᠨ᠎ᠠ᠃ ᠠᠭᠤᠷ ᠠᠮᠢᠰᠬᠤᠯ ᠤᠨ ᠣᠨᠴᠠᠯᠢᠭ ᠪᠣᠯ ᠨᠡᠷᠡᠨ ᠤ ᠰᠠᠴᠤᠷᠠᠯᠲᠠ ᠨᠡᠯᠢᠶᠡᠳ ᠴᠢᠩᠭ᠎ᠠ᠂ ᠨᠡᠷᠡᠨ ᠤ ᠲᠤᠰᠤᠯᠲᠠ ᠡᠯᠪᠡᠭ ᠪᠠᠶᠠᠯᠢᠭ᠂ ᠡᠪᠦᠯ ᠤᠨ ᠤᠯᠠᠷᠢᠯ ᠳᠤ ᠣᠷᠳᠣ ᠤᠳᠠᠭᠠᠨ᠂ ᠬᠠᠬᠢᠷ ᠬᠦᠶ᠋ᠲᠡᠨ ᠬᠠᠭᠤᠷᠠᠶ ᠬᠦᠶ᠋ᠲᠡᠨ ᠪᠠᠶᠢᠳᠠᠭ᠃ ᠵᠣᠨ ᠤ ᠤᠯᠠᠷᠢᠯ ᠣᠬᠤᠷ ᠮᠥᠷᠲᠡᠭᠡᠨ ᠳᠤᠯᠠᠭᠠᠨ᠂ ᠪᠣᠷᠣᠭᠠᠨ ᠤ ᠬᠡᠮᠵᠢᠶ᠎ᠡ ᠲᠥᠪᠯᠡᠷᠡᠵᠦ᠂ ᠠᠭᠠᠷ ᠤᠨ ᠳᠤᠯᠠᠭᠠᠨ ᠵᠢᠯ᠂ ᠡᠳᠦᠷ ᠤᠨ ᠵᠥᠷᠢᠶ᠎ᠡ ᠶᠡᠭᠡ ᠪᠠᠶᠢᠳᠠᠭ᠃ ᠬᠠᠪᠤᠷ ᠤᠨ ᠤᠯᠠᠷᠢᠯ ᠳᠤ ᠳᠤᠯᠠᠭᠠᠨ ᠲᠦᠷᠭᠡᠨ ᠥᠰᠴᠦ᠂ ᠨᠠᠮᠤᠷ ᠤᠨ ᠤᠯᠠᠷᠢᠯ ᠳᠤ ᠠᠭᠠᠷ ᠤᠨ ᠳᠤᠯᠠᠭᠠᠨ ᠲᠦᠷᠭᠡᠨ ᠪᠠᠭᠤᠷᠠᠵᠤ᠂ ᠬᠤᠷᠠᠮᠳᠤᠭᠰᠠᠨ ᠳᠤᠯᠠᠭᠠᠨ ᠤ ᠠᠰᠢᠭᠲᠤ ᠴᠢᠨᠠᠷ ᠥᠨᠳᠥᠷ ᠪᠠᠶᠢᠵᠤ᠂ ᠰᠠᠯᠬᠢᠨ ᠤ ᠴᠢᠭᠯᠡᠯ ᠨᠢ ᠭᠤᠣᠯ ᠤᠨ ᠬᠥᠨᠳᠡᠶ ᠵᠦᠭ ᠬᠠᠨᠳᠤᠨ᠎ᠠ᠃ ᠪᠠᠷᠠᠭᠤᠨ ᠬᠡᠰᠡᠭ ᠪᠣᠯᠤᠨ ᠬᠤᠶᠢᠲᠤ ᠬᠡᠰᠡᠭ ᠤᠨ ᠭᠠᠵᠠᠷ ᠣᠷᠣᠨ ᠨᠢ ᠶᠡᠭᠡ ᠬᠢᠩᠭᠠᠨ ᠳᠠᠪᠠᠭ᠎ᠠ ᠶᠢᠨ ᠵᠡᠭᠦᠨ ᠬᠡᠰᠡᠭ ᠤᠨ ᠤᠢ ᠶᠢᠨ ᠵᠠᠬ᠎ᠠ ᠶᠢᠨ ᠳᠤᠯᠠᠭᠠᠨ ᠰᠡᠷᠢᠭᠦᠨ ᠴᠢᠭᠢᠭᠯᠢᠭ ᠭᠠᠵᠠᠷ ᠪᠣᠯᠤᠨ᠎ᠠ᠃ ᠬᠠᠭᠠᠰ ᠴᠢᠭᠢᠭᠯᠢᠭ ᠣᠶᠢᠲᠤ ᠮᠠᠯᠵᠢᠬᠤ ᠣᠷᠣᠨ ᠤ ᠵᠡᠭᠦᠨ ᠡᠮᠦᠨᠡᠲᠦ ᠬᠡᠰᠡᠭ ᠤᠨ ᠭᠠᠵᠠᠷ ᠣᠷᠣᠨ ᠨᠢ ᠳᠤᠯᠠᠭᠠᠨ ᠬᠠᠭᠠᠰ ᠴᠢᠭᠢᠭᠯᠢᠭ ᠲᠠᠷᠢᠶᠠᠯᠠᠬᠤ ᠣᠷᠣᠨ ᠳᠤ ᠬᠠᠷᠢᠶᠠᠯᠠᠭᠳᠠᠨ᠎ᠠ᠃︵ᠨᠠᠶᠢᠷᠠᠭᠤᠯᠤᠭᠴᠢ᠄ ᠹᠧᠩ ᠶᠢᠩ    ᠨᠠᠨᠳᠢᠨ︶
 
ᠢᠷᠡᠯᠲᠡ᠄ ᠵᠠᠯᠠᠨ ᠠᠢᠢᠯ ᠬᠣᠲᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号