ᠪᠠᠢᠭᠠᠯᠢ  ᠶᠢᠨ ᠡᠬᠢ  ᠪᠠᠶᠠᠯᠢᠭ
ᠨᠡᠶᠢᠲᠡᠯᠡᠭᠰᠡᠨ ᠴᠠᠭ᠄
2020/9/14
ᠭᠠᠵᠠᠷ ᠰᠢᠷᠣᠶ ᠶᠢᠨ ᠡᠬᠢ ᠪᠠᠶᠠᠯᠢᠭ  ᠵᠠᠯᠠᠨ ᠠᠶᠢᠯ ᠬᠤᠲᠠ ᠶᠢᠨ ᠭᠠᠵᠠᠷ ᠰᠢᠷᠣᠶ ᠶᠢᠨ ᠲᠠᠯᠠᠪᠠᠶ 25164 242 ᠮᠥ︔ ᠬᠥᠮᠦᠨ ᠠᠮᠠ ᠶᠢᠨ ᠨᠢᠭᠲᠠᠴᠠ ᠨᠢ ᠲᠡᠭᠰᠢ ᠳᠥᠷᠪᠡᠯᠵᠢᠨ ᠺᠢᠯᠣᠮᠧᠲᠷ ᠪᠦᠷᠢ ᠳᠤ 25.73 ᠬᠥᠮᠦᠨ︔ ᠬᠥᠮᠦᠨ ᠪᠦᠷᠢ ᠳᠤ ᠳᠤᠮᠳᠠᠴᠢ ᠪᠠᠷ 58.30 ᠮᠦ ᠭᠠᠵᠠᠷ ᠨᠣᠭᠳᠠᠵᠤ ᠪᠠᠶᠢᠨ᠎ᠠ᠃ ᠲᠠᠷᠢᠶᠠᠨ ᠭᠠᠵᠠᠷ ᠤᠨ ᠲᠠᠯᠠᠪᠠᠶ ᠨᠢ 3397 853.4 ᠮᠥ ᠪᠠᠶᠢᠵᠤ᠂ ᠪᠥᠬᠦ ᠭᠠᠵᠠᠷ ᠰᠢᠷᠣᠶ ᠶᠢᠨ ᠲᠠᠯᠠᠪᠠᠶ ᠶᠢᠨ 13 .50% ᠶᠢ ᠡᠵᠡᠯᠡᠪᠡ︔ ᠴᠡᠴᠡᠷᠯᠢᠭ ᠤᠨ ᠲᠠᠯᠠᠪᠠᠶ ᠨᠢ 18226.5 ᠮᠥ ᠪᠠᠶᠢᠵᠤ᠂ ᠪᠥᠬᠦ ᠭᠠᠵᠠᠷ ᠰᠢᠷᠣᠶ ᠶᠢᠨ ᠲᠠᠯᠠᠪᠠᠶ ᠶᠢᠨ 0.07% ᠶᠢ ᠡᠵᠡᠯᠡᠪᠡ︔ ᠣᠶᠢᠲᠤ ᠭᠠᠵᠠᠷ ᠤᠨ ᠲᠠᠯᠠᠪᠠᠶ 16 556 534.7 ᠮᠥ ᠪᠠᠶᠢᠵᠤ᠂ ᠪᠥᠬᠦ ᠭᠠᠵᠠᠷ ᠰᠢᠷᠣᠶ ᠶᠢᠨ ᠲᠠᠯᠠᠪᠠᠶ ᠶᠢᠨ 65.79% ᠶᠢ ᠡᠵᠡᠯᠡᠪᠡ︔ ᠨᠤᠲᠤᠭ ᠪᠡᠯᠴᠢᠭᠡᠷ ᠤᠨ ᠲᠠᠯᠠᠪᠠᠶ 3194 026.5 ᠮᠥ ᠪᠠᠶᠢᠵᠤ᠂ ᠪᠥᠬᠦ ᠭᠠᠵᠠᠷ ᠰᠢᠷᠣᠶ ᠶᠢᠨ ᠲᠠᠯᠠᠪᠠᠶ 12.69% ᠶᠢ ᠡᠵᠡᠯᠡᠪᠡ︔ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠠᠯᠠᠪᠠᠶ 117 093.3 ᠮᠥ ᠪᠠᠶᠢᠵᠤ᠂ ᠪᠥᠬᠦ ᠭᠠᠵᠠᠷ ᠰᠢᠷᠣᠶ ᠶᠢᠨ ᠲᠠᠯᠠᠪᠠᠶ ᠶᠢᠨ 0.47% ᠶᠢ ᠡᠵᠡᠯᠡᠪᠡ︔ ᠰᠠᠭᠤᠭᠠᠯᠢ ᠠᠷᠠᠳ ᠤᠨ ᠴᠡᠭ ᠵᠢᠴᠢ ᠲᠤᠰᠠᠭᠠᠷ ᠦᠶ᠋ᠯᠡᠳᠪᠦᠷᠢ ᠠᠭᠤᠷᠬᠠᠶ ᠳᠤ ᠬᠡᠷᠡᠭᠯᠡᠬᠦ ᠭᠠᠵᠠᠷ ᠤᠨ ᠲᠠᠯᠠᠪᠠᠶ 320 300.1 ᠮᠥ ᠪᠠᠶᠢᠵᠤ᠂ ᠪᠥᠬᠦ ᠭᠠᠵᠠᠷ ᠰᠢᠷᠣᠶ ᠶᠢᠨ ᠲᠠᠯᠠᠪᠠᠶ ᠶᠢᠨ 1.27% ᠶᠢ ᠡᠵᠡᠯᠡᠪᠡ︔ ᠵᠠᠮ ᠲᠡᠭᠡᠭᠡᠪᠦᠷᠢ ᠶᠢᠨ ᠬᠡᠷᠡᠭᠯᠡᠬᠦ ᠭᠠᠵᠠᠷ ᠤᠨ ᠲᠠᠯᠠᠪᠠᠶ 25352.1 ᠮᠥ ᠪᠠᠶᠢᠵᠤ᠂ ᠪᠥᠬᠦ ᠭᠠᠵᠠᠷ ᠰᠢᠷᠣᠶ ᠶᠢᠨ ᠲᠠᠯᠠᠪᠠᠶ ᠶᠢᠨ 0.10% ᠶᠢ ᠡᠵᠡᠯᠡᠪᠡ︔ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠬᠡᠷᠡᠭᠯᠡᠬᠦ ᠭᠠᠵᠠᠷ ᠤᠨ ᠲᠠᠯᠠᠪᠠᠶ 9513.0 ᠮᠥ ᠪᠠᠶᠢᠵᠤ᠂ ᠪᠥᠬᠦ ᠭᠠᠵᠠᠷ ᠰᠢᠷᠣᠶ ᠶᠢᠨ ᠲᠠᠯᠠᠪᠠᠶ ᠶᠢᠨ 0.04% ᠶᠢ ᠡᠵᠡᠯᠡᠪᠡ︔ ᠠᠰᠢᠭᠯᠠᠭᠠᠳᠤᠶ ᠭᠠᠵᠠᠷ ᠰᠢᠷᠣᠶ ᠶᠢᠨ ᠲᠠᠯᠠᠪᠠᠶ ᠨᠢ 1 318 502.9 ᠮᠥ ᠪᠠᠶᠢᠵᠤ᠂ ᠪᠥᠬᠦ ᠭᠠᠵᠠᠷ ᠰᠢᠷᠣᠶ ᠶᠢᠨ ᠲᠠ ᠯᠠᠪᠠᠶ ᠶᠢᠨ 5.24% ᠶᠢ ᠡᠵᠡᠯᠡᠪᠡ︔ ᠪᠤᠰᠤᠳ ᠭᠠᠵᠠᠷ ᠰᠢᠷᠣᠶ ᠶᠢᠨ ᠲᠠᠯᠠᠪᠠᠶ ᠨᠢ 206839.5 ᠮᠥ ᠪᠠᠶᠢᠵᠤ᠂ ᠪᠥᠬᠦ ᠭᠠᠵᠠᠷ ᠰᠢᠷᠣᠶ ᠶᠢᠨ ᠲᠠᠯᠠᠪᠠᠶ ᠨᠢ 0.82% ᠢ ᠡᠵᠡᠯᠡᠨ᠎ᠡ᠃ᠤᠰᠤᠨ ᠤ ᠡᠬᠢ ᠪᠠᠶᠠᠯᠢᠭ  ᠵᠠᠯᠠᠨ ᠠᠶᠢᠯ ᠬᠤᠲᠠ ᠶᠢᠨ ᠤᠰᠤᠨ ᠤ ᠡᠬᠢ ᠪᠠᠶᠠᠯᠢᠭ ᠨᠢ ᠬᠢᠯᠢ ᠪᠠᠷ ᠣᠷᠣᠵᠤ ᠢᠷᠡᠬᠦ ᠤᠰᠤᠨ ᠤ ᠡᠬᠢ ᠪᠠᠶᠠᠯᠢᠭ᠂ ᠰᠠᠪᠠ ᠭᠠᠵᠠᠷ ᠤᠨ ᠳᠣᠲᠣᠷᠠᠬᠢ ᠭᠠᠵᠠᠷ ᠤᠨ ᠭᠠᠳᠠᠷᠭᠤ ᠶᠢᠨ ᠤᠷᠤᠰᠬᠠᠯ ᠪᠠ ᠰᠠᠪᠠ ᠭᠠᠵᠠᠷ ᠤᠨ ᠳᠣᠲᠣᠷᠠᠬᠢ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠤᠨ ᠬᠡᠮᠵᠢᠶ᠎ᠡ 3 ᠬᠡᠰᠡᠭ ᠢᠶᠠᠷ ᠪᠥᠷᠢᠯᠳᠦᠵᠡᠢ᠃ ᠬᠢᠯᠢ ᠳᠤ ᠣᠷᠣᠬᠤ ᠤᠰᠤᠨ ᠤ ᠡᠬᠢ ᠪᠠᠶᠠᠯᠢᠭ ᠢ ᠪᠥᠬᠦ ᠬᠤᠲᠠ ᠶᠢᠨ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠳᠤ ᠪᠤᠳᠤᠵᠤ ᠣᠷᠣᠭᠤᠯᠬᠤ ᠥᠬᠡᠶ᠃ ᠰᠠᠪᠠ ᠭᠠᠵᠠᠷ ᠤᠨ ᠣᠷᠣᠨ ᠤ ᠳᠣᠲᠣᠷᠠᠬᠢ ᠣᠯᠠᠨ ᠵᠢᠯ ᠤᠨ ᠳᠤᠮᠳᠠᠴᠢ ᠭᠠᠵᠠᠷ ᠤᠨ ᠭᠠᠳᠠᠷᠭᠤ ᠶᠢᠨ ᠤᠷᠤᠰᠬᠠᠯ ᠤᠨ ᠬᠡᠮᠵᠢᠶ᠎ᠡ 25.28 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠰᠠᠪᠠ ᠭᠠᠵᠠᠷ ᠤᠨ ᠳᠣᠲᠣᠷᠠᠬᠢ ᠭᠠᠵᠠᠷ ᠳᠣᠤᠷᠠᠬᠢ ᠤᠰᠤᠨ ᠤ ᠶᠡᠷᠦᠩᠬᠡᠶ ᠬᠠᠩᠭᠠᠯᠭ᠎ᠠ ᠶᠢᠨ ᠬᠡᠮᠵᠢᠶ᠎ᠡ 3.78 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠪᠥᠬᠦ ᠬᠤᠲᠠ ᠶᠢᠨ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ 25.67 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠨ᠎ᠠ᠃ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ  ᠵᠠᠯᠠᠨ ᠠᠶᠢᠯ ᠬᠤᠲᠠ ᠶᠢᠨ ᠬᠢᠯᠢ ᠳᠣᠲᠣᠷᠠᠬᠢ ᠬᠡᠭᠡᠷ᠎ᠡ ᠶᠢᠨ ᠠᠮᠢᠲᠠᠨ ᠤ ᠲᠥᠷᠥᠯ ᠵᠦᠶ᠋ᠯ ᠪᠠᠷᠤᠭ 200 ᠭᠠᠷᠤᠶ ᠪᠠᠶᠢᠨ᠎ᠠ᠃ ᠡᠭᠦᠨ ᠳᠤ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ 7 ᠵᠦᠢᠯ ᠪᠤᠶ᠂ ᠭᠤᠣᠯᠳᠠᠭᠤ ᠨᠠᠷᠢᠬᠠᠨ ᠬᠤᠰᠢᠭᠤᠲᠤ ᠰᠤᠯᠠ ᠲᠠᠬᠢᠶ᠎ᠠ᠂ ᠳᠠᠩ ᠣᠷᠦ᠋ᠢᠲᠤ ᠲᠣᠭᠤᠷᠤᠤ᠂ ᠪᠤᠯᠠᠭᠠᠨ ᠪᠠᠭᠠᠪᠠᠭᠠᠶ᠂ ᠴᠣᠬᠤᠷ ᠪᠤᠭᠤ᠂ ᠠᠯᠲᠠᠨ ᠰᠡᠶᠢᠯᠦᠮᠡᠯ ᠵᠡᠷᠭᠡ ᠪᠤᠶ᠃ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ 47 ᠵᠦᠢᠯ ᠪᠤᠶ᠂ ᠭᠤᠣᠯᠳᠠᠭᠤ ᠬᠦᠷᠡᠩ ᠪᠠᠭᠠᠪᠠᠭᠠᠶ᠂ ᠪᠤᠭᠤ᠂ ᠬᠠᠨᠳᠠᠭᠠᠶ᠂ ᠴᠠᠰᠤᠲᠤ ᠲᠠᠤᠯᠠᠢ᠂ ᠬᠤᠨ ᠭᠠᠯᠠᠭᠤ᠂ ᠤᠷᠠᠨ ᠬᠠᠵᠢᠨ ᠵᠡᠷᠭᠡ ᠪᠤᠶ᠃ ᠵᠠᠯᠠᠨ ᠠᠶᠢᠯ ᠬᠤᠲᠠ ᠶᠢᠨ ᠡᠯ᠎ᠡ ᠭᠤᠤᠯ ᠮᠥᠷᠡᠨ᠂ ᠨᠠᠭᠤᠷ ᠤᠨ ᠴᠥᠪᠥᠷᠢᠭᠦᠤ ᠵᠡᠷᠭᠡ ᠶᠢᠨ ᠣᠷᠭᠤᠭᠰᠠᠨ 46 ᠵᠦᠶ᠋ᠯ ᠤᠨ ᠵᠢᠭᠠᠰᠤᠨ ᠤ ᠲᠥᠷᠥᠯ ︵ᠳᠡᠳ᠋ ᠲᠥᠷᠥᠯ ᠪᠠ ᠬᠥᠮᠦᠨ ᠤ ᠬᠦᠴᠦ ᠪᠠᠷ ᠲᠡᠵᠢᠭᠡᠨ ᠦᠷᠡᠵᠢᠭᠦᠯᠬᠦ ᠲᠥᠷᠥᠯ ᠵᠦᠶ᠋ᠯ ᠪᠠᠭᠳᠠᠨ᠎ᠠ︶ ᠨᠢ 12 ᠲᠥᠷᠥᠯ ᠤᠨ ᠲᠥᠷᠥᠯ ︵ᠮᠥᠷᠭᠦ ᠶᠢᠨ ᠢᠵᠠᠭᠤᠷ ᠤᠨ ᠵᠢᠭᠠᠰᠤᠨ ᠤ ᠲᠥᠷᠥᠯ ᠢᠶᠠᠷ ᠭᠤᠤᠯ ᠪᠣᠯᠭᠠ ‍ᠨ᠎ᠠ᠃ ᠨᠡᠶᠢᠲᠡ 29 ᠵᠦᠶ᠋ᠯ ᠪᠠᠶᠢᠵᠤ᠂ ᠵᠢᠭᠠᠰᠤᠨ ᠤ ᠲᠥᠷᠥᠯ ᠤᠨ ᠶᠡᠷᠦᠩᠬᠡᠶ ᠲᠣᠭᠠᠨ ᠤ 63% ᠶᠢ ᠡᠵᠡᠯᠡᠵᠦ ᠪᠠᠶᠢᠨ᠎ᠠ᠃ ᠡᠭᠦᠨ ᠳᠤ ᠠᠵᠤ ᠠᠬᠤᠶ ᠶᠢᠨ ᠵᠢᠭᠠᠰᠤᠨ ᠤ ᠲᠥᠷᠥᠯ 15 ᠲᠥᠷᠥᠯ ︵ᠳᠡᠳ᠋ ᠲᠥᠷᠥᠯ ᠪᠠ ᠬᠥᠮᠦᠨ ᠤ ᠬᠦᠴᠦ ᠪᠠᠷ ᠲᠡᠵᠢᠭᠡᠨ ᠦᠷᠡᠵᠢᠭᠦᠯᠬᠦ ᠲᠥᠷᠥᠯ ᠵᠦᠶ᠋ᠯ ᠪᠠᠭᠲᠠᠨ᠎ᠠ︶᠂ ᠭᠤᠤᠯ ᠪᠣᠯᠬᠤ ᠤᠰᠤᠨ ᠤ ᠤᠷᠭᠤᠮᠠᠯ ᠪᠣᠯ ᠬᠤᠯᠤᠰᠤ ᠪᠣᠯᠤᠨ᠎ᠠ᠃ ᠭᠤᠣᠯ ᠪᠣᠯᠬᠤ ᠬᠡᠭᠡᠷ᠎ᠡ ᠶᠢᠨ ᠮᠣᠳᠣᠨ ᠤ ᠲᠥᠷᠥᠯ ᠳᠤ ᠮᠣᠩᠭᠤᠯ ᠴᠠᠷᠠᠰᠤ᠂ ᠨᠠᠪᠴᠢ ᠵᠤᠯᠭᠠᠷᠠᠬᠤ ᠨᠠᠷᠠᠰᠤ᠂ ᠵᠢᠭᠠᠷᠲᠤ ᠨᠠᠷᠠᠰᠤ᠂ ᠭᠠᠴᠤᠷ᠎ᠠ᠂ ᠬᠠᠶᠢᠯᠠᠰᠤᠨ ᠮᠣᠳᠣ᠂ ᠤᠯᠢᠶᠠᠰᠤᠨ ᠮᠣᠳᠣ᠂ ᠤᠳᠠ ᠮᠣᠳᠣ᠂ ᠴᠠᠭᠠᠨ ᠬᠤᠰᠤ᠂ ᠬᠠᠷ᠎ᠠ ᠬᠤᠰᠤ᠂ ᠠᠭᠤᠯᠠᠨ ᠤᠯᠢᠶᠠᠰᠤ᠂ ᠴᠠᠷᠠᠰᠤᠨ ᠮᠣᠳᠣ ᠪᠤᠶ᠃ ︵ᠨᠠᠶᠢᠷᠠᠭᠤᠯᠤᠭᠴᠢ᠄  ᠹᠧᠩ ᠶᠢᠩ ᠨᠠᠨᠳᠢᠨ︶
 
ᠢᠷᠡᠯᠲᠡ᠄ ᠵᠠᠯᠠᠨ ᠠᠢᠢᠯ ᠬᠣᠲᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号