ᠵᠠᠯᠠᠨ ᠠᠶᠢᠯ ᠬᠤᠲᠠ ᠶᠢᠨ ᠠᠵᠤ ᠠᠬᠤᠢ ᠶᠢᠨ ᠬᠦᠭᠵᠢᠯᠳᠡ
ᠨᠡᠶᠢᠲᠡᠯᠡᠭᠰᠡᠨ ᠴᠠᠭ᠄
2020/9/14
   2019 ᠣᠨ ᠳᠤ ᠪᠦᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 1597492 ᠲᠦᠮᠡᠨ ᠲᠦᠭᠦᠷᠢᠭ ᠲᠤ  ᠬᠦᠷᠴᠦ᠂  ᠠᠳᠠᠯᠢ ᠬᠤᠭᠤᠴᠠᠭᠠᠨ ᠤ ᠬᠢ ᠠᠴᠠ 3.0% ᠪᠠᠷ ᠨᠡᠮᠡᠭᠳᠡᠪᠡ ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ  497219 ᠲᠦᠮᠡᠨ ᠲᠥᠭᠦᠷᠢᠭ  ᠪᠠᠶᠢᠵᠤ᠂ 2.0% ᠪᠠᠷ ᠨᠡᠮᠡᠭᠳᠡᠵᠡᠢ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 543806 ᠲᠦᠮᠡᠨ ᠲᠥᠭᠦᠷᠢᠭ ᠪᠠᠶᠢᠵᠤ᠂ 2.1% ᠪᠠᠷ ᠨᠡᠮᠡᠭᠳᠡᠵᠡᠢ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ  556467 ᠲᠦᠮᠡᠨ ᠲᠥᠭᠦᠷᠢᠭ  ᠪᠠᠶᠢᠵᠤ᠂ 4.9% ᠪᠠᠷ ᠨᠡᠮᠡᠭᠳᠡᠵᠡᠢ᠃ ᠭᠤᠷᠪᠠᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ  ᠶᠢ 31.1:34:34.9  ᠪᠤᠯᠭᠠᠵᠠᠢ᠃ ᠬᠥᠮᠦᠨ ᠳᠤᠮᠳᠠᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 39402 ᠲᠥᠭᠦᠷᠢᠭ ᠲᠤ ᠬᠦᠷᠴᠦ᠂  ᠨᠢᠳᠤᠨᠤᠨ ᠲᠠᠢ   ᠬᠠᠷᠢᠴᠠᠭᠤᠯᠪᠠᠯ 3.6% ᠪᠠᠷ ᠨᠡᠮᠡᠭᠳᠡᠪᠡ᠃   ᠪᠦᠬᠦ ᠵᠢᠯ ᠳᠤ ᠪᠦᠬᠦ ᠬᠤᠲᠠ ᠶᠢᠨ ᠡᠩ ᠤᠨ ᠣᠯᠠᠨ ᠨᠡᠢᠲᠡ ᠶᠢᠨ ᠲᠥᠰᠦᠪ 62452 ᠲᠦᠮᠡᠨ ᠲᠥᠭᠦᠷᠢᠭ ᠢ ᠬᠤᠷᠢᠶᠠᠵᠤ᠂ ᠠᠳᠠᠯᠢ ᠬᠤᠭᠤᠴᠠᠭᠠᠨ ᠤ ᠬᠢ ᠠᠴᠠ 2.9% ᠪᠠᠷ ᠨᠡᠮᠡᠭᠳᠡᠪᠡ᠃ ᠪᠦᠬᠦ ᠵᠢᠯ ᠳᠤ ᠪᠦᠬᠦ ᠬᠤᠲᠠ ᠶᠢᠨ ᠡᠩ ᠤᠨ ᠣᠯᠠᠨ ᠨᠡᠢᠲᠡ ᠶᠢᠨ ᠲᠥᠰᠦᠪ ᠤᠨ ᠵᠠᠷᠤᠯᠭ᠎ᠠ 409688 ᠲᠦᠮᠡᠨ ᠲᠥᠭᠦᠷᠢᠭ  ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.9% ᠪᠠᠷ ᠪᠠᠭᠤᠷᠠᠵᠠᠢ᠃   ᠪᠦᠬᠦ ᠵᠢᠯ ᠳᠤ ᠪᠦᠬᠦ ᠬᠤᠲᠠ ᠶᠢᠨ ᠬᠤᠲᠠ ᠪᠠᠯᠭᠠᠰᠤᠨ ᠳᠤ 4869 ᠬᠥᠮᠦᠨ ᠰᠢᠨ᠎ᠡ ᠪᠠᠷ ᠨᠡᠮᠡᠭᠳᠡᠵᠦ᠂ ᠡᠭᠦᠨ ᠳᠤ ᠠᠵᠢᠯ ᠠᠯᠳᠠᠭᠰᠠᠨ 1531 ᠬᠥᠮᠦᠨ ᠳᠤ ᠳᠠᠬᠢᠨ ᠠᠵᠢᠯ ᠣᠯᠭᠤᠵᠤ᠂ ᠶᠠᠳᠠᠭᠤ ᠬᠦᠴᠢᠷᠳᠡᠯᠲᠡᠶ 1637 ᠬᠥᠮᠦᠨ ᠳᠤ ᠠᠵᠢᠯ ᠣᠯᠭᠤᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3.91%  ᠪᠤᠯᠵᠠᠢ᠃ ᠬᠥᠳᠡᠭᠡ ᠲᠣᠰᠬᠤᠨ ᠤ ᠬᠥᠳᠡᠯᠮᠦᠷᠢ ᠶᠢᠨ  ᠬᠦᠴᠦ ᠰᠢᠯᠵᠢᠭᠡᠳ ᠠᠵᠢᠯ  ᠤᠯᠤᠭᠰᠠᠨ ᠬᠥᠮᠦᠨ 24215 ᠪᠠᠶᠢᠨ᠎ᠠ᠃  
 
ᠢᠷᠡᠯᠲᠡ᠄ ᠵᠠᠯᠠᠨ ᠠᠢᠢᠯ  ᠬᠣᠲᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号