ᠴᠢᠩᠭᠢᠰ ᠬᠠᠭᠠᠨ ᠪᠠᠯᠭᠠᠰᠤ᠄ ᠴᠠᠭᠠᠨ ᠬᠠᠷᠠᠩ ᠡᠪᠡᠳᠴᠢᠲᠡᠨ ᠤ ᠠᠷᠠᠳ ᠤᠨ ᠠᠮᠢᠳᠤᠷᠠᠯ ᠤᠨ ᠢᠨᠵᠧᠨᠧᠷᠢᠩ ᠢ ᠦᠨ᠎ᠡ ᠲᠥᠯᠦᠪᠦᠷᠢ ᠦᠭᠡᠢ ᠪᠠᠷ ᠰᠢᠭᠰᠢᠨ ᠪᠠᠶᠢᠴᠠᠭᠠᠵᠤ ᠬᠥᠮᠦᠨ ᠤ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2020/9/14
    ᠴᠠᠭᠠᠨ ᠬᠠᠷᠠᠩ ᠤᠨ ᠬᠠᠷᠠᠭ᠎ᠠ ᠣᠷᠣᠭᠤᠯᠬᠤ ᠢᠨᠵᠧᠨᠧᠷᠢᠩ ᠢ ᠪᠦᠲᠦᠮᠵᠢᠲᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠠᠭᠤᠷᠠᠶ ᠬᠠᠮᠲᠤᠯᠢᠭ᠂ ᠣᠨᠴᠠᠭᠠᠶ ᠬᠠᠮᠲᠤᠯᠢᠭ ᠲᠤ ᠬᠠᠶᠢᠷ᠎ᠠ ᠬᠠᠯᠠᠮᠵᠢ ᠬᠦᠷᠲᠡᠭᠡᠵᠦ᠂ ᠬᠥᠯᠥᠨ ᠪᠤᠶᠢᠷ ᠬᠤᠲᠠ ᠶᠢᠨ ᠨᠢᠭᠦᠯᠡᠰᠦᠩᠭᠦᠶ ᠶᠢᠨ ᠶᠡᠷᠦᠩᠬᠡᠶ ᠡᠪᠯᠡᠯ ᠨᠢ ᠬᠥᠯᠥᠨ ᠪᠤᠶᠢᠷ ᠬᠤᠲᠠ ᠶᠢᠨ ᠠᠢ ᠡᠸ᠋ᠯ ᠨᠢᠳᠦᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ︽ᠨᠢᠳᠦ ᠬᠠᠯᠠᠮᠵᠢᠲᠤ ᠬᠡᠷᠡᠯ ᠲᠠᠯ᠎ᠠ ᠨᠤᠲᠤᠭ ᠲᠤ ᠲᠦᠭᠡᠭᠡᠬᠦ︾ ᠲᠣᠮᠣ ᠬᠡᠯᠪᠡᠷᠢ ᠶᠢᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠨᠢᠭᠦᠯᠡᠰᠦᠩᠭᠦᠶ ᠶᠢᠨ ᠲᠥᠷᠥᠯ ᠵᠦᠶ᠋ᠯ ᠢ ᠥᠷᠨᠢᠭᠦᠯᠪᠡ᠃ ᠣᠶᠢᠷ᠎ᠠ ᠳᠤ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠬᠠᠮᠢᠶ᠎ᠠ ᠪᠦᠬᠦᠢ ᠠᠵᠢᠯᠲᠠᠨ ᠠᠶ ᠡᠸ᠋ᠯ ᠨᠢᠳᠦᠨ ᠤ ᠰᠠᠯᠠᠭᠠ ᠤ ᠲᠤᠰᠬᠠᠶ ᠡᠮᠨᠡᠯᠭᠡ ᠶᠢᠨ ᠠᠩᠭᠢ ᠴᠢᠩᠭᠢᠰ ᠬᠠᠭᠠᠨ ᠪᠠᠯᠭᠠᠰᠤᠨ ᠳᠤ ᠬᠦᠷᠴᠦ᠂ ᠴᠢᠩᠭᠢᠰ ᠬᠠᠭᠠᠨ ᠪᠠᠯᠭᠠᠰᠤᠨ ᠤ ᠨᠠᠮ ᠤᠨ ᠣᠯᠠᠨ ᠲᠦᠮᠡᠨ ᠤ ᠦᠶ᠋ᠯᠡᠴᠢᠯᠡᠭᠡᠨ ᠤ ᠲᠥᠪ ᠠᠴᠠ 17 ᠨᠠᠰᠤᠲᠠᠨ ᠳᠤ ᠰᠦᠶ᠋ᠳᠬᠡᠯ ᠬᠤᠷᠢᠶᠠᠬᠤ ᠦᠭᠡᠶ ᠪᠠᠶᠢᠴᠠᠭᠠᠯᠳᠠ ᠬᠢᠵᠡᠶ᠃
    ᠬᠤᠲᠠ ᠶᠢᠨ ᠠᠷᠠᠳ ᠤᠨ
ᠶᠠᠪᠤᠳᠠᠯ ᠤᠨ ᠲᠣᠪᠴᠢᠶᠠᠨ ᠤ ᠠᠵᠢᠯᠲᠠᠨ ᠪᠣᠯᠤᠨ ᠡᠮᠨᠡᠯᠭᠡ ᠶᠢᠨ ᠠᠵᠢᠯᠲᠠᠳ ᠮᠠᠳ᠋ᠸᠠᠷᠢᠶᠠᠯ ᠴᠤᠭᠯᠠᠭᠤᠯᠬᠤ᠂ ᠪᠦᠷᠢᠳᠬᠡᠯ ᠤᠨ ᠳ᠋ᠤᠭᠠᠷᠯᠠᠬᠤ᠂ ᠬᠠᠷᠠᠭ᠎ᠠ ᠶᠢᠨ ᠪᠠᠶᠢᠴᠠᠭᠠᠯᠲᠠ᠂ ᠲᠤᠰᠠᠯᠠᠬᠤ ᠪᠠᠶᠢᠴᠠᠭᠠᠯᠲᠠ ᠵᠡᠷᠬᠡ ᠪᠠᠷ ᠳᠠᠮᠵᠢᠨ 17 ᠨᠡᠷᠡᠰ ᠨᠢᠳᠦᠨ ᠤ ᠡᠪᠡᠳᠴᠢᠲᠡᠨ ᠢ ᠰᠦᠶ᠋ᠳᠬᠡᠯ ᠬᠤᠷᠢᠶᠠᠬᠤ ᠦᠭᠡᠶ ᠪᠠᠷ ᠰᠢᠭᠰᠢᠨ ᠪᠠᠶᠢᠴᠠᠭᠠᠵᠠᠢ᠃ ᠲᠡᠳᠡᠨ ᠤ ᠡᠪᠡᠳᠴᠢᠨ ᠤ ᠪᠠᠶᠢᠳᠠᠯ ᠢ ᠬᠦᠯᠢᠴᠡᠩᠭᠦᠶ ᠪᠠᠷ ᠯᠠᠪᠯᠠᠨ ᠠᠰᠠᠭᠤᠵᠤ᠂ ᠨᠠᠷᠢᠨ ᠨᠢᠮᠪᠠᠶ ᠪᠠᠶᠢᠴᠠᠭᠠᠵᠤ᠂ ᠮᠡᠰᠡ ᠵᠠᠰᠠᠯ ᠬᠢᠬᠦ ᠨᠥᠬᠦᠴᠡᠯ ᠳᠤ ᠠᠩᠬ᠎ᠠ ᠠᠯᠬᠤᠮ ᠨᠡᠶᠢᠴᠡᠭᠰᠡᠨ ᠡᠪᠡᠳᠴᠢᠲᠡᠨ ᠳᠤ ᠨᠠᠷᠢᠨ ᠲᠣᠳᠣᠷᠬᠠᠶ ᠳᠠᠩᠰᠠᠯᠠᠯ ᠬᠢᠵᠦ᠂ ᠬᠠᠷᠢᠯᠴᠠᠬᠤ ᠠᠷᠭ᠎ᠠ ᠮᠠᠶ᠋ᠢᠭ ᠢᠶᠠᠨ ᠳᠣᠳᠣᠷᠬᠠᠯᠠᠵᠣ᠂ ᠲᠡᠳᠡᠨ ᠤ ᠦᠷᠭᠦᠯᠵᠢᠯᠡᠨ ᠴᠠᠭ ᠲᠤᠬᠠᠶ ᠳᠤᠨᠢ ᠡᠮᠨᠡᠨ ᠵᠠᠰᠠᠬᠤ ᠶᠢ ᠪᠠᠲᠤᠯᠠᠬᠤ ᠬᠡᠷᠡᠭᠲᠡᠶ ᠬᠡᠵᠦ ᠰᠠᠨᠠᠭᠤᠯᠪᠠ᠃
    ᠲᠤᠰ ᠤᠳᠠᠭᠠᠨ ᠤ ᠠᠵᠢᠯᠯᠠᠭ᠎ᠠ ᠳᠤ ᠠᠰᠢᠭ ᠬᠦᠷᠲᠡᠬᠦ
ᠡᠲᠡᠭᠡᠳ ᠨᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠪᠣᠯᠤᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠴᠠᠭᠠᠨ ᠬᠠᠷᠠᠩ ᠡᠪᠡᠳᠴᠢᠲᠡᠨ ᠪᠣᠯᠤᠨ᠎ᠠ᠃ ᠴᠠᠭᠠᠨ ᠬᠠᠷᠠᠩ ᠡᠪᠡᠳᠴᠢᠨ ᠤ ᠡᠪᠡᠳᠴᠢᠲᠡᠨ ᠤ ᠭᠡᠭᠡᠨ ᠰᠠᠷᠠᠭᠤᠯ ᠢ ᠳᠠᠬᠢᠨ ᠣᠯᠵᠤ ᠦᠵᠡᠬᠦ ᠨᠢ ᠥᠷᠭᠡᠨ ᠣᠯᠠᠨ ᠳᠥᠮᠡᠨ ᠤ ᠰᠠᠶᠢᠨ ᠦᠨᠡᠯᠡᠯᠲᠡ ᠶᠢ ᠣᠯᠵᠠᠶ᠃ ︵ᠨᠠᠶᠢᠷᠠᠭᠤᠯᠤᠭᠴᠢ᠄ ᠹᠤᠩ ᠶᠢᠩ ᠨᠠᠨᠳᠢᠨ︶
 
ᠢᠷᠡᠯᠲᠡ᠄ ᠵᠠᠯᠠᠨ ᠠᠢᠢᠯ ᠬᠣᠲᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号