ᠸᠧ ᠨᠢᠤ ᠾᠧ ᠪᠠᠯᠭᠠᠰᠤ ︽ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ · ᠬᠠᠶᠢᠷ᠎ᠠ ᠬᠠᠯᠠᠮᠵᠢ ᠲᠠᠢ ᠵᠢᠷᠭᠠᠬᠤ ᠨᠠᠷᠠ︾ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/9/14
  ᠨᠠᠰᠤᠲᠠᠨ ᠢᠶᠠᠨ ᠬᠦᠨᠳᠦᠯᠡᠬᠦ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠡᠷᠬᠢᠮ ᠰᠤᠷᠲᠠᠯ ᠮᠥᠨ᠂ ᠨᠠᠰᠤᠲᠠᠨ ᠢᠶᠠᠨ ᠬᠠᠶᠢᠷᠠᠯᠠᠵᠤ ᠨᠠᠰᠤᠲᠠᠨ ᠢᠶᠠᠨ ᠬᠠᠪᠰᠤᠷᠬᠤ ᠪᠣᠯ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠃ ︽ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠥᠯᠥᠭᠡ᠂ 9 ᠰᠠᠷ᠎ᠠ ᠶᠢᠨ 8 ᠤ ᠡᠳᠦᠷ᠂ ᠲᠣᠰ ᠪᠠᠯᠭᠠᠰᠤᠨ ᠤ ᠪᠡᠶ᠎ᠡ ᠴᠢᠭᠢᠷᠠᠭᠵᠢᠭᠤᠯᠬᠤ ᠬᠤᠯᠪᠣᠭᠠᠲᠤ ᠠᠩᠭᠢ᠂ ᠠᠯᠲᠠᠨ ᠰᠢᠷᠭᠠᠯ ᠵᠠᠯᠠᠭᠤ ᠨᠠᠰᠤᠨ ᠤ ᠳᠠᠭᠤᠤ ᠶᠢᠨ ᠠᠩᠭᠢ ︽ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ · ᠬᠠᠶᠢᠷ᠎ᠠ ᠬᠠᠯᠠᠮᠵᠢ ᠲᠠᠢ ᠵᠢᠷᠭᠠᠬᠤ ᠨᠠᠷᠠ︾ ᠪᠠᠷ ᠭᠤᠤᠯ ᠰᠡᠳᠦᠪ ᠪᠣᠯᠭᠠᠭᠰᠠᠨ ᠤᠳᠬ᠎ᠠ ᠤᠷᠠᠯᠢᠭ ᠤᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃
   ᠳᠤᠭᠯᠠᠯᠳᠠ ᠨᠢ ︽ᠳᠤᠮᠳᠠᠳᠤ ᠪᠠᠨ ᠬᠠᠶᠢᠷᠠᠯᠠᠬᠤ︾
ᠣᠯᠠᠨ ᠬᠦᠮᠦᠨ ᠤ ᠪᠥᠵᠢᠭ ᠢᠶᠠᠷ ᠡᠬᠢᠯᠡᠪᠡ᠃ ᠭᠤᠶᠤ ᠰᠠᠶᠢᠬᠠᠨ ᠪᠥᠵᠢᠭ ᠤᠨ ᠳᠤᠮᠳᠠ ᠬᠥᠰᠢᠭᠡ ᠶᠢ ᠨᠡᠭᠡᠭᠡᠭᠰᠡᠨ ᠪᠠᠢᠨ᠎ᠠ᠃ ᠠᠯᠲᠠᠨ ᠰᠢᠷᠭᠠᠯ ᠵᠢᠯ ᠤᠨ ᠨᠠᠶᠢᠷᠠᠯ ᠳᠠᠭᠤᠤ ᠶᠢᠨ ᠪᠦᠯᠬᠦᠮ ᠤᠨ ᠭᠡᠰᠢᠭᠦᠳ ︽ᠠᠵᠢᠨᠠᠶ ᠬᠦᠯᠦᠭ ᠳᠠᠪᠬᠢᠨ ᠬᠢᠯᠢ ᠬᠢᠵᠠᠭᠠᠷ ᠢᠶᠠᠨ ᠬᠠᠮᠠᠭᠠᠯᠠᠶ᠎ᠠ︾ ᠭᠡᠬᠦ ᠳᠠᠭᠤᠤ ᠶᠢ ᠳᠠᠭᠤᠯᠠᠵᠤ᠂ ᠲᠡᠳᠡᠨ ᠤ ᠥᠲᠡᠯᠬᠦ ᠦᠭᠡᠢ ᠵᠠᠯᠠᠭᠤ ᠨᠠᠰᠤ ᠪᠠᠨ ᠳᠠᠭᠤᠯᠠᠪᠠ᠃ ᠪᠡᠶ᠎ᠡ ᠴᠢᠭᠢᠷᠠᠭᠵᠢᠭᠤᠯᠬᠤ ᠠᠩᠭᠢ ︽ᠰᠠᠷᠠᠨ ᠤ ᠭᠡᠷᠡᠯ ᠳᠣᠣᠷᠠᠬᠢ ᠭᠠᠷᠤᠳᠢ ᠶᠢᠨ ᠰᠡᠭᠦᠯᠲᠦ ᠬᠤᠯᠤᠰᠤ︾᠂ ︽ᠨᠤᠲᠤᠭ ᠤᠨ ᠮᠠᠭᠲᠠᠭᠠᠯ ᠳᠠᠭᠤᠤ︾ ᠵᠡᠷᠬᠡ ᠳᠣᠭᠯᠠᠯᠳᠠ ᠪᠠᠷ ᠤᠯᠤᠰ ᠤᠨ ᠲᠥᠷᠥ ᠶᠢᠨ ᠪᠣᠳᠣᠯᠭ᠎ᠠ ᠴᠢᠭᠯᠡᠯᠲᠡ ᠶᠢ ᠨᠡᠶᠢᠭᠡᠮ ᠲᠣᠭᠤᠷᠢᠭ ᠤᠨ ᠰᠣᠶᠣᠯ ᠢ ᠭᠦᠨᠵᠡᠭᠡᠶ ᠳᠡᠯᠭᠡᠷᠡ ᠭᠦᠯᠵᠡᠶ᠃ ᠳᠠᠭᠤᠤ ︽ᠰᠢᠨ᠎ᠡ ᠬᠤᠲᠠ ᠪᠠᠷ ᠲᠣᠭᠤᠷᠢᠭᠰᠠᠨ ᠨᠢ︾ ᠡᠷᠡᠭᠲᠡᠶ ᠡᠮᠡᠭᠲᠡᠶ ᠬᠤᠣᠰᠯᠠᠨ ᠳᠠᠭᠤᠯᠠᠬᠤ ᠬᠡᠯᠪᠡᠷᠢ ᠪᠠᠷ ᠡᠷᠬᠡ ᠴᠢᠯᠥᠭᠡ ᠪᠠᠨ ᠣᠯᠤᠭᠰᠠᠨ ᠬᠠᠮᠵᠢᠯᠭ᠎ᠠ ᠶᠢᠨ ᠲᠠᠷᠢᠶᠠᠴᠢᠳ ᠤᠨ ᠡᠴᠢᠭᠡ ᠥᠬᠢᠨ ᠬᠤᠶᠠᠷ ᠤᠨ ᠳᠦᠷᠢ ᠲᠥᠷᠬᠦ ᠶᠢ ᠪᠦᠲᠦᠭᠡᠵᠦ᠂ ᠯᠾᠠᠰᠠ ᠶᠢᠨ ᠰᠢᠨ᠎ᠡ ᠪᠠᠶᠢᠳᠠᠯ ᠢ ᠲᠤᠰᠬᠠᠵᠠᠶ᠃ ᠰᠢᠨ᠎ᠡ ᠬᠤᠪᠢᠷᠠᠯᠲᠠ ᠨᠢ ᠲᠥᠪᠡᠳ ᠤᠨ ᠠᠷᠠᠳ ᠲᠦᠮᠡᠨ ᠤ ᠡᠪ ᠬᠠᠮᠲᠤ ᠨᠠᠮ ᠳᠤ ᠦᠵᠡᠭᠦᠯᠦᠭᠰᠡᠨ ᠬᠠᠶᠢᠷ᠎ᠠ ᠬᠠᠯᠠᠮᠵᠢ ᠪᠠ ᠲᠠᠯᠠᠷᠬᠠᠯ ᠤᠨ ᠰᠡᠳᠬᠢᠯᠭᠡ ᠶᠢ ᠢᠯᠡᠳᠬᠡᠵᠡᠶ᠃ ᠪᠡᠶ᠎ᠡ ᠴᠢᠭᠢᠷᠠᠭᠵᠢᠭᠤᠯᠬᠤ ᠠᠩᠭᠢ ᠪᠠᠰᠠ ᠪᠥᠵᠢᠭ ︽ᠡᠬᠡ ᠤᠯᠤᠰ ᠲᠠ ᠰᠠᠶᠢᠨ  ᠦᠦ︾᠂ ︽ᠭᠠᠯ ᠬᠠᠯᠠᠭᠤᠨ ᠠᠮᠠᠷᠠᠭ ᠬᠠᠶᠢᠷ᠎ᠠ ᠲᠠᠢ ᠬᠠᠮᠲᠤ ᠪᠥᠵᠢᠭᠯᠡᠬᠦ︾᠂ ᠡᠷᠡᠭᠲᠡᠶ ᠰᠣᠷᠣᠭᠴᠢ ᠶᠢᠨ ᠭᠤᠴᠣᠯᠠᠯ ᠳᠠᠭᠤᠤ ︽ᠪᠢ ᠨᠠᠷᠢᠨ ᠭᠤᠤᠯ ᠳᠤ ᠴᠢᠮᠠᠶᠢ ᠬᠦᠯᠢᠶᠡᠵᠦ ᠪᠠᠶᠢᠨ᠎ᠠ︾᠂ ᠡᠷᠡᠭᠲᠡᠶ ᠰᠣᠷᠣᠭᠴᠢ ᠶᠢᠨ ᠨᠠᠶᠢᠷᠠᠯ ᠳᠠᠭᠤᠤ ︽ᠶᠡᠭᠡ ᠳᠤᠮᠳᠠᠳᠤ ᠤᠯᠤᠰ︾᠂ ᠡᠮᠡᠭᠲᠡᠶ ᠰᠣᠷᠣᠭᠴᠢ ᠶᠢᠨ ᠭᠤᠴᠣᠯᠠᠯ ᠳᠠᠭᠤᠤ ︽ᠤᠳᠠᠭᠠᠨ ᠵᠢᠯ ᠤᠨ ᠲᠠᠯ᠎ᠠ ᠨᠤᠲᠤᠭ︾᠂ ︽ᠡᠪᠦᠭᠡᠨ ᠡᠬᠡᠨᠡᠷ ᠢᠶᠠᠨ ᠡᠭᠦᠷᠬᠦ︾ ᠵᠡᠷᠭᠡ ᠲᠣᠭᠯᠠᠯᠲᠠ ᠶᠢ ᠲᠣᠭᠯᠠᠪᠠ᠃ ᠠᠵᠢᠯᠯᠠᠭ᠎ᠠ ᠨᠢ ᠣᠯᠠᠨ ᠬᠥᠮᠦᠨ ᠤ ᠪᠥᠵᠢᠭ ︽ᠡᠵᠢ ᠪᠣᠯ ᠳᠤᠮᠳᠠᠳᠤ ᠤᠯᠤᠰ︾ ᠢᠶᠠᠷ ᠲᠡᠭᠦᠰᠴᠦ᠂ ᠠᠭᠤᠤ ᠶᠡᠭᠡ ᠡᠬᠡ ᠣᠷᠣᠨ ᠤ ᠪᠠᠨ ᠬᠥᠭᠵᠢᠯ ᠪᠠᠳᠠᠷᠠᠯ ᠢ ᠪᠡᠯᠭᠡᠳᠡᠵᠦ ᠪᠠᠶᠢᠳᠠᠭ᠃
   ᠲᠤᠰ
ᠤᠳᠠᠭᠠᠨ ᠤ ᠲᠣᠭᠯᠠᠯᠲᠠ ᠳᠤ 50 ᠭᠠᠷᠤᠶ ᠬᠥᠮᠦᠨ ᠣᠷᠣᠯᠴᠠᠵᠠᠶ᠃ ᠠᠵᠢᠯᠯᠠᠭ᠎ᠠ ᠨᠢ ᠨᠡᠶᠢᠭᠡᠮ ᠤᠨ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠦᠨᠳᠦᠯᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠳᠣᠲᠣᠨᠣᠴᠢᠯᠠᠬᠤ᠂ ᠨᠠᠰᠤᠲᠠ ᠨ᠊ ᠢᠶᠠᠨ ᠠᠰᠠᠷᠠᠬᠤ ᠨᠡᠶᠢᠭᠡᠮ ᠤᠨ ᠬᠡᠪ ᠰᠤᠷᠲᠠᠯ ᠢ ᠤᠯᠠᠮ ᠨᠢᠭᠡ ᠠᠯᠬᠤᠮ ᠪᠤᠢ ᠪᠣᠯᠭᠠᠪᠠ᠃ ᠡᠨᠡ ᠤᠳᠠᠭᠠᠨ ᠤ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠠᠵᠢᠯ ᠤᠨ ᠴᠢᠯᠥᠭᠡ ᠶᠢᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠠᠶ᠃ ᠪᠠᠰᠠ ᠨᠠᠰᠤᠲᠠᠶᠢᠴᠤᠳ ᠤᠨ ᠨᠡᠶᠢᠭᠡᠮ ᠲᠣᠭᠤᠷᠢᠭ ᠲᠤ ᠠᠭᠤᠰᠤᠯᠴᠠᠭᠰᠠᠨ᠂ ᠨᠡᠶᠢᠭᠡᠮ ᠲᠣᠭᠤᠷᠢᠭ ᠢᠶᠠᠨ ᠬᠠᠶᠢᠷᠠᠯᠠᠬᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠬᠠᠷᠢᠶᠠᠲᠤ ᠣᠷᠣᠨ ᠤ ᠰᠣᠩᠭᠤᠭᠤᠯᠢ ᠶᠢᠨ ᠠᠷᠠᠳ ᠤᠨ ᠨᠢᠭᠡᠳᠦᠯᠲᠡᠶ ᠰᠠᠶᠢᠨ ᠦᠨᠡᠯᠡᠯᠲᠡ ᠶᠢ ᠣᠯᠵᠠᠶ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
   
 
ᠢᠷᠡᠯᠲᠡ᠄ ᠵᠠᠯᠠᠨ ᠠᠢᠢᠯ ᠬᠣᠲᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号