ᠨᠠᠨᠮᠤ ᠶᠢᠨ ᠣᠷᠴᠣᠨ ᠦᠨᠳᠦᠰᠦᠲᠡᠨ ᠤ ᠰᠢᠶᠠᠩ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠰᠠᠶᠢᠨ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠤᠶ᠎ᠠ︾ ᠭᠡᠬᠦ ᠤᠷᠠᠨ ᠰᠠᠶᠢᠬᠠᠨ ᠤ ᠲᠣᠭᠯᠠᠯᠲᠠ ᠡᠷᠭᠢᠯᠡᠪᠡ
ᠨᠡᠶᠢᠲᠡᠯᠡᠭᠰᠡᠨ ᠴᠠᠭ᠄
2020/9/14
    ᠣᠶᠢᠷ᠎ᠠ ᠳᠤ᠂ ︽ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ ᠰᠠᠶᠢᠨ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠤᠶ᠎ᠠ︾ ᠭᠡᠬᠦ ᠪᠠᠷ ᠭᠤᠤᠯ ᠰᠡᠳᠦᠪ ᠪᠣᠯᠭᠠᠭᠰᠠᠨ ᠲᠠᠷᠢᠶᠠᠴᠢᠳ ᠤᠨ ᠤᠷᠠᠨ ᠰᠠᠶᠢᠬᠠᠨ ᠤ ᠲᠣᠭᠯᠠᠯᠲᠠ ᠨᠢ ᠨᠠᠮᠤ ᠣᠷᠴᠣᠨ ᠤ ᠦᠨᠳᠦᠰᠦᠲᠡᠨ ᠤ ᠰᠢᠶᠠᠩ ᠳᠤ ᠡᠬᠢᠯᠡᠵᠦ᠂ ᠠᠵᠢᠯ ᠠᠴᠠ ᠪᠠᠨ ᠪᠠᠭᠤᠭᠰᠠᠨ ᠠᠬᠠᠮᠠᠳ ᠺᠠᠳ᠋ᠷ᠂ ᠬᠥᠳᠡᠭᠡ ᠲᠣᠰᠬᠤᠨ ᠤ ᠲᠠᠷᠢᠶᠠᠴᠢᠳ ᠤᠨ ᠤᠳᠬ᠎ᠠ ᠤᠷᠠᠯᠢᠭ ᠤᠨ ᠪᠦᠯᠬᠦᠮ ᠢᠶᠠᠷ ᠭᠤᠤᠯ ᠪᠣᠯᠭᠠᠵᠠᠶ᠃ ᠭᠠᠵᠠᠷ ᠣᠷᠣᠨ ᠤ ᠲᠠᠷᠢᠶᠠᠴᠢᠳ ᠤᠨ ᠬᠤᠷᠢᠶᠠᠯᠲᠠ ᠶᠢᠨ ᠪᠠᠶᠠᠷ ᠪᠠᠭ᠋ᠠᠳᠤᠯ᠂ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠪᠠᠷ ᠰᠠᠭᠤᠷᠢ ᠪᠣᠯᠭᠠᠭᠰᠠᠨ ᠡᠯ᠎ᠡ ᠦᠨᠳᠦᠰᠦᠲᠡᠨ ᠤ ᠪᠦᠯᠬᠦᠮᠳᠡᠯ ᠨᠥᠬᠦᠷᠯᠡᠯ ᠢ ᠠᠬᠢᠭᠤᠯᠵᠤ᠂ ᠰᠣᠶᠣᠯ ᠤᠨ ᠰᠣᠯᠢᠯᠴᠠᠭ᠎ᠠ ᠶᠢ ᠠᠬᠢᠭᠤᠯᠵᠤ᠂ ᠭᠠᠷ ᠬᠤᠯᠪᠣᠯᠴᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠶᠢ ᠳᠡᠯᠭᠡᠷᠡᠭᠦᠯᠬᠦ ᠴᠢᠭᠯᠡᠯ ᠪᠣᠯᠭᠠᠵᠠᠶ᠃ ᠥᠷᠭᠡᠨ ᠣᠯᠠᠨ ᠲᠠᠷᠢᠶᠠᠴᠢᠨ ᠲᠦᠮᠡᠨ ᠳᠤ ᠨᠢᠭᠡ ᠤᠳᠠᠭᠠᠨ ᠤ ᠬᠠᠷᠠᠭᠠᠨ ᠰᠡᠷᠡᠯ᠂ ᠰᠣᠨᠣᠷ ᠤᠨ ᠦᠪᠡᠳᠡᠭᠰᠢ ᠨᠠᠶᠢᠷ ᠢ ᠠᠪᠴᠢᠷᠠᠵᠤ ᠥᠭᠴᠡᠶ᠃
    ᠲᠣᠭᠯᠠᠯᠲᠠ ᠨᠢ ᠪᠥᠵᠢᠭ ︽ᠪᠢ ᠡᠬᠡ
ᠤᠯᠤᠰ ᠲᠠᠢ ᠪᠠᠨ︾᠂ ︽ᠠᠷᠠᠳ ᠣᠯᠠᠨ ᠤ ᠰᠠᠶᠢᠨ ᠰᠡᠳᠬᠢᠯᠭᠡ︾ ᠳᠤᠮᠳᠠ ᠡᠬᠢᠯᠡᠵᠦ᠂ ᠰᠦᠷ ᠵᠢᠪᠬᠤᠯᠠᠩᠲᠤ ᠬᠥᠭᠵᠢᠮ ᠪᠣᠯᠤᠨ ᠴᠤᠭ ᠵᠢᠪᠬᠤᠭ᠎ᠠ ᠬᠤᠤᠰᠯᠠᠭᠰᠠᠨ ᠪᠥᠵᠢᠭ ᠤᠨ ᠳᠦᠷᠢ ᠪᠠᠢᠳᠠᠯ ᠡᠯ᠎ᠡ ᠦᠨᠳᠦᠰᠦᠲᠡᠨ᠂ ᠲᠠᠷᠢᠶᠠᠴᠢᠳ ᠤᠨ ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠣᠤᠷᠠᠬᠢ ᠰᠠᠶᠢᠨ ᠰᠠᠶᠢᠬᠠᠨ ᠠᠮᠢᠳᠤᠷᠠᠯ ᠢ ᠭᠦᠨᠵᠡᠭᠡᠶ ᠬᠠᠷᠠᠭᠤᠯᠵᠠᠶ᠃ ︽ᠵᠡᠭᠦᠳᠦᠨ ᠣᠢ︾᠂ ︽ᠣᠪᠣᠭᠠᠨ ᠠᠭᠤᠯᠵᠠᠯᠲᠠ︾᠂ ︽ᠮᠡᠷᠭᠡᠨ ᠡᠭᠡᠴᠢ︾᠂ ︽ᠵᠤᠮ᠎ᠠ ᠪᠤᠯᠠᠭ︾ ᠵᠡᠷᠭᠡ ᠦᠨᠳᠦᠰᠦᠲᠡᠨ ᠤ ᠪᠥᠵᠢᠭ ︽ᠲᠠ ᠲᠠᠯ᠎ᠠ ᠨᠤᠲᠤᠭ ᠲᠤ ᠢᠷᠡᠭᠡᠷᠡᠶ︾᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠶ᠎ᠠ︾᠂ ︽ᠵᠠᠯᠠᠨ ᠮᠠᠭᠲᠠᠭᠰᠠᠨ ᠨᠢ︾ ᠵᠡᠷᠭᠡ ᠰᠣᠩᠭᠤᠳᠠᠭ ᠳᠠᠭᠤᠤ᠃ ︽ᠨᠤᠲᠤᠭ ᠤᠰᠤ ᠪᠠᠨ ᠮᠠᠭᠲᠠᠨ ᠳᠠᠭᠤᠯᠠᠶ᠎ᠠ︾ ᠭᠡᠬᠦ ᠭᠤᠷᠪᠠᠨ ᠥᠭᠦᠯᠡᠪᠦᠷᠢ ᠬᠠᠭᠠᠰ ᠭᠤᠶᠢᠳᠠ ᠰᠠᠶᠢᠬᠠᠨ ᠬᠥᠳᠡᠯᠦᠯᠴᠡᠵᠦ᠂ ︽ᠶᠢᠩ ᠱᠠᠨ ᠬᠤᠩ︾ ᠭᠡᠬᠦ ᠭᠤᠴᠣᠯᠠᠯ ᠬᠥᠭᠵᠢᠮ ᠨᠢ ᠳᠤᠮᠳᠠᠳᠤ ᠶᠢᠨ ᠦᠨᠳᠦᠰᠦᠲᠡᠨ ᠤ ᠭᠠᠷ ᠬᠤᠯᠪᠣᠨ ᠮᠥᠷᠥ ᠵᠡᠷᠭᠡᠴᠡᠵᠦ᠂ ᠪᠦᠯᠬᠦᠮᠳᠡᠨ ᠬᠠᠮᠲᠤ ᠪᠠᠷ ᠤᠷᠤᠭᠰᠢᠯᠠᠬᠤ ᠬᠦᠭ ᠠᠶᠠᠰ ᠢ ᠬᠠᠩᠭᠢᠨᠠᠭᠤᠯᠤᠨ ᠬᠥᠭᠵᠢᠮᠳᠡᠪᠡ᠃
    ᠨᠠᠨᠮᠤ ᠶᠢᠨ ᠣᠷᠴᠣᠨ ᠦᠨᠳᠦᠰᠦᠲᠡᠨ ᠤ ᠰᠢᠶᠠᠩ ᠪᠣᠯ ᠣᠷᠴᠣᠨ᠂ ᠳᠠᠭᠤᠷ᠂
ᠡᠸᠡᠩᠬᠢ᠂ ᠮᠣᠩᠭᠤᠯ᠂ ᠬᠢᠲᠠᠳ ᠵᠡᠷᠭᠡ ᠣᠯᠠᠨ ᠦᠨᠳᠦᠰᠦᠲᠡᠨ ᠴᠤᠭᠯᠠᠷᠠᠭᠰᠠᠨ ᠦᠨᠳᠦᠰᠦᠲᠡᠨ ᠤ ᠰᠢᠶᠠᠩ ᠪᠣᠯᠤᠨ᠎ᠠ᠃ ᠡᠯ᠎ᠡ ᠠᠷᠠᠳ ᠤᠨ ᠤᠷᠠᠯᠢᠭ ᠤᠨ ᠪᠦᠯᠬᠦᠮ ᠤᠨ ᠠᠶᠠᠨᠳᠠᠭᠠᠨ ᠪᠤᠢ ᠪᠣᠯᠤᠭᠰᠠᠨ ᠵᠣᠬᠢᠶᠠᠨ ᠪᠠᠶᠢᠭᠤᠯᠤᠯᠲᠠ ᠬᠠᠮᠲᠤ ᠪᠠᠶᠢᠵᠤ᠂ ᠲᠣᠭᠯᠠᠯᠲᠠ ᠶᠢᠨ ᠬᠡᠯᠪᠡᠷᠢ ᠪᠠᠷ ᠨᠠᠮ ᠤᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠵᠠᠶ᠃ ᠳᠤᠮᠳᠠᠳᠤ ᠶᠢᠨ ᠵᠡᠭᠦᠳᠦ ᠶᠢᠨ ᠣᠶᠢᠯᠠᠭᠠᠭᠳᠠᠬᠤᠨ ᠢ ᠠᠭᠤᠰᠤᠯᠴᠠᠭᠤᠯᠤᠨ ᠣᠷᠣᠭᠤᠯᠵᠤ᠂ ᠠᠷᠠᠳ ᠣᠯᠠᠨ ᠤ ᠵᠣᠯ ᠵᠢᠷᠭᠠᠯᠲᠤ ᠠᠮᠢᠳᠤᠷᠠᠯ ᠢ ᠢᠯᠡᠷᠡᠭᠦᠯᠬᠦ ᠨᠢ ᠥᠷᠭᠡᠨ ᠣᠯᠠᠨ ᠲᠠᠷᠢᠶᠠᠴᠢᠨ ᠲᠦᠮᠡᠨ ᠳᠤ ᠠᠮᠢᠳᠤᠷᠠᠯ ᠤᠨ ᠬᠠᠪᠤ ᠴᠡᠩᠭᠡᠯ ᠨᠡᠮᠡᠷᠢᠯᠡᠭᠰᠡᠨ ᠮᠥᠷᠲᠡᠭᠡᠨ ᠪᠠᠰᠠ ᠦᠨᠳᠦᠰᠦᠲᠡᠨ ᠨᠦᠭᠦᠳ ᠤᠨ ᠬᠤᠭᠤᠷᠣᠨᠳᠣᠬᠢ ᠪᠦᠯᠬᠦᠮᠳᠡᠯ ᠢ ᠠᠬᠢᠭᠤᠯᠵᠤ᠂ ᠡᠶ᠎ᠡ ᠵᠣᠬᠢᠴᠠᠯ ᠲᠠᠢ ᠨᠡᠶᠢᠭᠡᠮ ᠢ ᠬᠠᠮᠲᠤ ᠪᠠᠷ ᠪᠠᠶᠢᠭᠤᠯᠤᠨ᠎ᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠢᠢᠯ  ᠬᠣᠲᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号