ᠵᠥᠩ ᠾᠧ ᠪᠠᠯᠭᠠᠰᠤ ︽ᠢᠷᠭᠡᠨ ᠤ ᠬᠠᠤᠯᠢ ᠶᠢᠨ ᠪᠢᠴᠢᠭ︾ ᠤᠨ ᠬᠠᠤᠯᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/9/15
    ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠢᠷᠭᠡᠨ ᠤ ᠬᠠᠤᠯᠢ ᠶᠢᠨ ᠪᠢᠴᠢᠭ︾ ᠢ ᠨᠡᠶᠢᠲᠡᠯᠡᠨ ᠬᠡᠷᠡᠭᠵᠢᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠭᠤᠯᠬᠤ ᠶᠢᠨ ᠲᠥᠯᠥᠭᠡ᠂ ︽ᠢᠷᠭᠡᠨ ᠤ ᠬᠠᠤᠯᠢ ᠶᠢᠨ ᠪᠢᠴᠢᠭ︾ ᠢ ᠤᠬᠠᠭᠤᠯᠬᠤ᠂ ᠲᠠᠶᠢᠯᠪᠤᠷᠢᠯᠠᠬᠤ ᠵᠢᠴᠢ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠵᠦ᠂ ᠭᠠᠴᠠᠭᠠᠨ ᠤ ᠠᠷᠠᠳ ᠤᠨ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠵᠦ᠂ ᠠᠮᠤᠷ ᠠᠮᠤᠭᠤᠯᠠᠩ ᠵᠥᠩ ᠾᠧ ᠪᠥᠲᠥᠭᠡᠨ ᠪᠠᠶᠢᠭᠤᠯᠤᠯᠲᠠ ᠳᠤ ᠪᠠᠲᠤ ᠪᠠᠬᠢ ᠬᠠᠤᠯᠢ ᠪᠠᠷ ᠵᠠᠰᠠᠬᠤ ᠪᠠᠲᠤᠯᠠᠭ᠎ᠠ ᠢ ᠬᠠᠩᠭᠠᠬᠤ ᠲᠥᠯᠥᠬᠡ᠂ ᠣᠶᠢᠷ᠎ᠠ ᠳᠤ ᠂ ᠵᠥᠩ ᠾᠧ ᠪᠠᠯᠭᠠᠰᠤᠨ ᠤ ᠬᠠᠤᠯᠢ ᠴᠠᠭᠠᠵᠠ ᠶᠢᠨ ᠪᠠᠶᠢᠭᠤᠯᠭ᠎ᠠ ᠨᠢ ᠰᠢᠨ ᠵᠢᠶᠠᠨ ᠼᠦᠨ ᠲᠣᠰᠬᠤᠨ ᠳᠤ ︽ᠢᠷᠭᠡᠨ ᠤ ᠬᠠᠤᠯᠢ ᠶᠢᠨ ᠪᠢᠴᠢᠭ︾ ᠤᠨ ᠬᠠᠤᠯᠢ ᠲᠦᠭᠡᠮᠡᠯᠵᠢᠭᠦᠯᠬᠦ ᠲᠠᠶᠢᠯᠤᠮᠵᠢ ᠬᠢᠪᠠ᠃ ᠲᠤᠰ ᠤᠳᠠᠭᠠᠨ ᠤ ᠲᠠᠶᠢᠯᠤᠮᠵᠢ ᠶᠢ ᠵᠦᠩ ᠾᠧ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠼᠦᠢ ᠬᠤᠩ ᠸᠧᠢ ᠭᠤᠣᠯᠯᠠᠨ ᠶᠠᠷᠢᠵᠤ᠂ 40 ᠭᠠᠷᠤᠢ ᠬᠦᠮᠦᠨ ᠲᠠᠶᠢᠯᠤᠮᠵᠢ ᠳᠤ ᠣᠷᠣᠯᠴᠠᠪᠠ᠃     ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤᠮᠳᠠ᠂ ᠼᠦᠢ ᠬᠤᠩ ᠸᠧᠶ ︽ᠢᠷᠭᠡᠨ ᠤ ᠬᠠᠤᠯᠢ ᠶᠢᠨ ᠪᠢᠴᠢᠭ︾ ᠢ ᠨᠡᠶᠢᠲᠡᠯᠡᠨ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠵᠢᠴᠢ ︽ᠢᠷᠭᠡᠨ ᠤ ᠬᠠᠤᠯᠢ ᠶᠢᠨ ᠪᠢᠴᠢᠭ︾ ᠤᠨ ᠬᠠᠤᠯᠢ ᠴᠠᠭᠠᠵᠠ ᠶᠢᠨ ᠰᠢᠰᠲ᠋ᠧᠮ ᠳᠠᠬᠢ ᠴᠢᠬᠤᠯᠠ ᠪᠠᠶᠢᠷᠢ ᠰᠠᠭᠤᠷᠢ ᠶᠢ ᠨᠠᠷᠢᠨ ᠲᠠᠨᠢᠯᠴᠠᠭᠤᠯᠵᠠᠶ᠃ ᠢᠷᠭᠡᠨ ᠤ ᠬᠠᠤᠯᠢ ᠶᠢᠨ ᠪᠢᠴᠢᠭ ᠢ ᠤᠬᠠᠭᠤᠯᠤᠨ ᠲᠠᠶᠢᠯᠪᠤᠷᠢᠯᠠᠵᠤ᠂ ᠪᠣᠳᠠᠰ ᠤᠨ ᠡᠷᠬᠡ᠂ ᠭᠡᠷ᠎ᠡ᠂ ᠨᠡᠷ᠎ᠡ ᠬᠦᠨᠳᠦ᠂ ᠭᠡᠷ ᠪᠦᠯᠢ ᠶᠢᠨ ᠤᠷᠤᠭ᠂ ᠵᠠᠯᠭᠠᠮᠵᠢᠯᠠᠬᠤ᠂ ᠡᠷᠬᠡ ᠳᠤ ᠬᠠᠯᠳᠠᠭᠰᠠᠨ ᠬᠠᠷᠢᠭᠤᠴᠠᠯᠭ᠎ᠠ ᠵᠡᠷᠭᠡ ᠲᠠᠯ᠎ᠠ ᠶᠢᠨ ᠰᠢᠨ᠎ᠡ ᠲᠣᠭᠲᠠᠭᠠᠯ ᠢ ᠭᠤᠣᠯᠳᠠᠯᠭ᠎ᠠ ᠲᠠᠢ ᠤᠬᠠᠭᠤᠯᠤᠨ ᠲᠠᠶᠢᠯᠪᠤᠷᠢᠯᠠᠵᠤ᠂ ᠭᠠᠴᠠᠭᠠᠨ ᠤ ᠠᠷᠠᠳ ᠲᠤ ︽ᠢᠷᠭᠡᠨ ᠤ ᠬᠠᠤᠯᠢ ᠶᠢᠨ ᠪᠢᠴᠢᠭ︾ ᠤᠨ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢᠨ ᠴᠢᠬᠤᠯᠠ ᠴᠢᠨᠠᠷ ᠢ ᠲᠠᠨᠢᠭᠤᠯᠪᠠ᠃     ᠡᠨᠡ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ᠂ ᠲᠣᠰᠬᠤᠨ ᠤ ᠠᠷᠠᠳ ᠤᠨ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠤᠬᠠᠮᠰᠠᠷ ᠢ ᠤᠯᠠᠮ ᠨᠢᠭᠡ ᠠᠯᠬᠤᠮ ᠴᠢᠩᠬᠠᠳᠬᠠᠵᠠᠶ᠃ ᠲᠣᠰᠬᠤᠨ ᠤ ᠠᠷᠠᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠰᠠᠶᠢᠨ ᠦᠷ᠎ᠡ ᠪᠦᠲᠦᠮᠵᠢ ᠤᠯᠪᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠢᠢᠯ ᠬᠣᠲᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号