ᠸᠧ ᠨᠢᠤ ᠾᠧ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠄ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2020/9/15
    ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ᠦᠷ᠎ᠡ ᠶᠢᠨ ᠡᠳᠦᠷ᠂  ᠸᠧ ᠨᠢᠤ ᠾᠧ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠤᠰᠬᠠᠶ ᠰᠡᠳᠦᠪᠲᠦ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠦᠷᠢᠮ︾ ᠢ ᠲᠤᠰᠬᠠᠶ ᠰᠡᠳᠦᠪ ᠢᠶᠠᠷ ᠰᠤᠷᠤᠯᠴᠠᠵᠤ᠂ ᠪᠦᠬᠦ ᠺᠠᠳ᠋ᠷ ᠰᠤᠷᠤᠯᠴᠠᠯᠭ᠎ᠠ ᠪᠣᠯᠪᠠᠰᠤᠷᠠᠯ ᠳᠤ ᠣᠷᠣᠯᠴᠠᠪᠠ᠃     ᠪᠣᠯᠪᠠᠰᠤᠷᠠᠯ ᠤᠨ ᠳᠤᠮᠳᠠ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ ᠵᠦ ᠪᠥᠸᠧ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮ︾ ᠢ ᠳᠠᠭᠠᠭᠤᠯᠤᠨ ᠰᠤᠷᠤᠯᠴᠠᠵᠤ᠂ ᠪᠤᠯᠪᠠᠰᠤᠷᠠᠯ ᠳᠤ ᠣᠷᠣᠬᠤ ᠺᠠᠳ᠋ᠷᠴᠤᠳ ᠨᠠᠷᠢᠨ ᠬᠢᠨᠠᠮᠠᠭᠠᠶ ᠶᠠᠷᠢᠯᠴᠠᠵᠤ᠂ ᠢᠳᠡᠪᠬᠢᠲᠡᠢ ᠰᠡᠳᠬᠢᠨ ᠪᠣᠳᠣᠯᠬᠢᠯᠠᠵᠤ᠂ ᠨᠠᠷᠢᠨ ᠲᠡᠮᠳᠡᠭᠯᠡᠯ ᠬᠢᠵᠦ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠬᠠᠨᠳᠤᠯᠭᠠᠲᠤ ᠴᠢᠨᠠᠷ᠂ ᠬᠡᠷᠡᠭᠯᠡᠭᠡᠨ ᠤ ᠴᠢᠨᠠᠷ ᠴᠢᠩᠭ᠎ᠠ ᠪᠠᠶᠢᠵᠤ᠂ ᠬᠤᠶᠢᠰᠢᠳᠠ ᠶᠢᠨ ᠬᠠᠤᠯᠢ ᠬᠡᠷᠡᠭᠵᠢᠭᠦᠯᠵᠦ ᠬᠡᠷᠡᠭ ᠰᠢᠶ᠋ᠳᠪᠦᠷᠢᠯᠡᠬᠦ ᠠᠵᠢᠯ ᠤᠨ ᠰᠡᠳᠬᠢᠮᠵᠢ ᠶᠢ ᠲᠣᠳᠣᠷᠬᠠᠶ ᠪᠣᠯᠭᠠᠬᠤ᠂ ᠬᠠᠷᠠᠭ᠎ᠠ ᠶᠢ ᠥᠷᠭᠡᠳᠬᠡᠬᠦ ᠶᠢᠨ ᠬᠠᠮᠳᠤ ᠬᠠᠤᠯᠢ ᠬᠡᠷᠡᠭᠵᠢᠭᠦᠯᠵᠦ ᠬᠡᠷᠡᠭ ᠰᠢᠶ᠋ᠳᠪᠦᠷᠢᠯᠡᠬᠦ ᠠᠵᠢᠯᠲᠠᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠦᠵᠡᠯ ᠤᠬᠠᠮᠰᠠᠷ ᠪᠠ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃     ᠰᠤᠷᠤᠯᠴᠠᠯᠭ᠎ᠠ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠵᠦ ᠪᠥᠸᠧ ᠳᠠᠷᠠᠭ᠎ᠠ ᠨᠢᠭᠡ ᠱᠠᠲᠤᠨ ᠤ ᠠᠵᠢᠯ ᠳᠤ ᠬᠤᠶᠠᠷ ᠱᠠᠭᠠᠷᠳᠠᠯᠭ᠎ᠠ ᠳᠤᠷᠠᠳᠪᠠ᠃ ᠨᠢᠭᠡ ᠳᠤ ᠰᠤᠷᠤᠯᠴᠠᠯᠭ᠎ᠠ ᠬᠥᠮᠦᠵᠢᠯ ᠪᠣᠯᠪᠠᠰᠤᠷᠠᠭᠤᠯᠤᠯ ᠢ ᠦᠷᠭᠦᠯᠵᠢᠯᠡᠨ ᠴᠢᠩᠭ᠎ᠠ ᠠᠳᠬᠤᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠲᠤᠰᠬᠠᠶ ᠮᠡᠷᠭᠡᠵᠢᠯ ᠤᠨ ᠬᠠᠤᠯᠢ ᠴᠠᠭᠠᠵᠠ ᠶᠢᠨ ᠮᠡᠳᠡᠯᠭᠡ ᠶᠢᠨ ᠪᠣᠯᠪᠠᠰᠤᠷᠠᠭᠤᠯᠤᠯ ᠳᠤ ᠬᠢᠨᠠᠮᠠᠭᠠᠶ ᠣᠷᠣᠯᠴᠠᠵᠤ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠪᠣᠯᠪᠠᠰᠤᠷᠠᠩᠭᠤᠶ ᠡᠵᠡᠮᠰᠢᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠶᠡᠷᠦᠩᠬᠡᠶ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠶᠠᠷ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ ᠵᠦᠢᠯ ᠤᠨ ᠳᠦᠷᠢᠮ ᠢ ᠤᠯᠠᠮ ᠨᠢᠭᠡ ᠠᠯᠬᠤᠮ ᠰᠠᠶᠢᠲᠤᠷ ᠨᠠᠢᠳᠠᠪᠤᠷᠢᠵᠢᠭᠤᠯᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠡᠮᠦᠨ᠎ᠡ᠂ ᠤᠴᠢᠷ ᠶᠠᠪᠤᠳᠠᠯ ᠤᠨ ᠳᠤᠮᠳᠠ᠂ ᠤᠴᠢᠷ ᠶᠠᠪᠤᠳᠠᠯ ᠤᠨ ᠳᠠᠷᠠᠭ᠎ᠠ ᠢᠯᠡ ᠨᠡᠶᠢᠲᠡᠯᠡᠬᠦ ᠶᠢ ᠰᠠᠶᠢᠲᠤᠷ ᠬᠢᠵᠦ᠂ ᠬᠠᠤᠯᠢ ᠬᠡᠷᠡᠭᠵᠢᠭᠦᠯᠬᠦ ᠶᠠᠪᠤᠴᠠ ᠶᠢᠨ ᠪᠦᠷᠢᠨ ᠲᠡᠮᠳᠡᠭᠯᠡᠯ ᠪᠠ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠵᠦ᠂ ᠴᠢᠩᠭ᠎ᠠ ᠪᠣᠯᠭᠤᠮᠵᠢᠲᠠᠶ ᠰᠢᠶ᠋ᠳᠬᠡᠨ ᠲᠣᠷᠭᠠᠬᠤ ᠠᠷᠭ᠎ᠠ ᠬᠡᠮᠵᠢᠶ᠎ᠡ ᠠᠪᠴᠤ᠂ ︽ᠡᠭᠡᠭᠡ ᠠᠳᠠᠯᠢ ᠪᠠᠶᠢᠯᠭᠠᠬᠤ︾ ᠪᠠ ᠲᠣᠷᠭᠠᠭᠤᠯᠢ ᠪᠠᠷ ᠬᠠᠮᠢᠶᠠᠷᠬᠤ ᠶᠢ ᠣᠷᠣᠯᠠᠭᠤᠯᠬᠤ ᠶᠢ ᠴᠢᠩᠭ᠎ᠠ ᠴᠠᠭᠠᠵᠠᠯᠠᠵᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠲᠠᠰᠤᠷᠠᠯᠲᠠ ᠦᠭᠡᠢ ᠵᠢᠷᠤᠮᠵᠢᠭᠤᠯᠤᠨ᠎ᠠ᠃     ᠪᠦᠷᠢᠳᠬᠡᠯ ᠢ ᠦᠨᠳᠦᠰᠦᠯᠡᠪᠡᠯ᠂ ᠣᠳᠣᠬᠠᠨ ᠪᠣᠯᠲᠠᠯ᠎ᠠ  ᠸᠧ ᠨᠢᠤ ᠾᠧ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢᠭᠡᠨᠲᠡ 18 ᠤᠳᠠᠭ᠎ᠠ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠥᠷᠨᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ 20 ᠭᠠᠷᠤᠶ ᠤᠳᠠᠭ᠎ᠠ ᠬᠠᠤᠯᠢ ᠬᠡᠷᠡᠭᠵᠢᠭᠦᠯᠵᠡᠶ᠃ ᠲᠣᠭᠲᠠᠮᠠᠯ ᠬᠤᠭᠤᠴᠠᠭ᠎ᠠ ᠲᠠᠢ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠰᠬᠠᠶ ᠰᠡᠳᠦᠪᠲᠦ ᠰᠤᠷᠤᠯᠴᠠᠬᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠪᠥᠬᠦ ᠲᠠᠯ᠎ᠠ ᠪᠠᠷ ᠨᠢᠭᠡᠨᠲᠡ ︽ᠨᠠᠮ᠎ᠠ ᠶᠢ ᠰᠤᠷᠤᠯᠴᠠᠭᠤᠯᠬᠤ︾ ᠪᠠᠶᠢᠭᠰᠠᠨ ᠠᠴᠠ ᠪᠠᠨ ︽ᠪᠢ ᠰᠤᠷᠤᠯᠴᠠᠬᠤ︾ ᠦᠵᠡᠯ ᠰᠠᠨᠠᠭᠠᠨ ᠤ ᠬᠤᠪᠢᠷᠠᠯᠲᠠ ᠪᠣᠯᠵᠣ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠬᠦ ᠬᠢᠷᠢ ᠲᠦᠪᠰᠢᠨ ᠪᠣᠯᠤᠨ ᠬᠡᠷᠡᠭ ᠰᠢᠶ᠋ᠳᠪᠦᠷᠢᠯᠡᠬᠦ ᠴᠢᠳᠠᠪᠤᠷᠢ ᠪᠦᠲᠦᠮᠵᠢᠲᠡᠶ ᠳᠡᠭᠡᠭᠰᠢᠯᠡᠪᠡ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠢᠢᠯ ᠬᠣᠲᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号