ᠡᠪᠦᠯ ᠤᠨ ᠤᠯᠠᠷᠢᠯ ᠤᠨ ᠴᠠᠢ ᠾᠧ ᠭᠤᠤᠯ ᠤᠨ ᠰᠣᠶᠣᠯ ᠦᠵᠡᠮᠵᠢ ᠢ ᠣᠶᠢᠯᠠᠭᠠᠬᠤ ᠰᠡᠯᠡᠭᠦᠴᠡᠯ ᠤᠨ ᠭᠤᠷᠪᠠᠨ ᠡᠳᠦᠷ ᠤᠨ ᠵᠢᠭᠤᠯᠴᠢᠯᠠᠯ 
ᠨᠡᠶᠢᠲᠡᠯᠡᠭᠰᠡᠨ ᠴᠠᠭ᠄
2020/9/21
   D1᠄ ᠤᠯᠤᠰ ᠤᠨ 4A ᠲᠡᠰ ᠤᠨ ᠦᠵᠡᠮᠵᠢ ᠶᠢᠨ ᠣᠷᠣᠨ ᠤ ᠳᠡᠭᠦᠵᠢᠩ ᠬᠥᠭᠦᠷᠭᠡ ᠶᠢᠨ ᠴᠡᠴᠡᠷᠯᠢᠭ ᠢ ᠲᠣᠭᠤᠷᠢᠨ ᠦᠵᠡᠵᠦ᠂ ᠵᠠᠭᠤᠨ ᠵᠢᠯ ᠤᠨ ᠡᠮᠦᠨᠡᠬᠢ ᠥᠷᠥᠨᠡᠳᠠᠬᠢᠨ ᠤ ᠰᠣᠶᠣᠯ ᠤᠨ ᠵᠠᠯᠠᠨ ᠠᠶᠢᠯ ᠬᠤᠲᠠ ᠳᠤ ᠦᠵᠡᠭᠦᠯᠬᠦ ᠨᠥᠯᠥᠭᠡ ᠶᠢ ᠲᠠᠨᠢᠵᠤ᠂ ᠬᠥᠯᠥᠨ ᠪᠤᠶᠢᠷ ᠤᠨ ᠵᠥᠩ ᠳ᠋ᠦᠩ ᠲᠡᠮᠦᠷ ᠵᠠᠮ ᠤᠨ ᠮᠦᠽᠧᠢ ᠪᠠᠷ ᠲᠣᠭᠤᠷᠢᠨ ᠦᠵᠡᠵᠦ᠂ ᠵᠠᠭᠤᠨ ᠵᠢᠯ ᠤᠨ ᠲᠤᠷᠰᠢᠬᠢ ᠲᠡᠦᠬᠡ ᠶᠢᠨ ᠯᠤᠲᠤ ᠶᠡᠭᠡ ᠬᠤᠪᠢᠷᠠᠯᠲᠠ ᠶᠢ ᠪᠣᠳᠣᠯᠬᠢᠯᠠᠭᠠᠳ᠂ ᠦᠳᠡ ᠶᠢᠨ ᠬᠤᠭᠤᠯᠠᠨ ᠤ ᠳᠠᠷᠠᠭ᠎ᠠ᠂ ᠸᠤ᠋ ᠨᠢᠤ ᠾᠧ ᠪᠠᠯᠭᠠᠰᠤᠨ ᠤ ᠡᠦ ᠰᠢᠩ ᠲᠣᠰᠬᠤᠨ ᠤ ᠵᠠᠯᠠᠨ ᠠᠶᠢᠯ ᠤᠨ ᠶᠢᠨ ᠯᠦᠩ ᠱᠠᠨ ᠠᠭᠤᠯᠠ ᠶᠢᠨ ᠴᠠᠰᠤ ᠲᠠᠰᠢᠬᠤ ᠲᠠᠯᠠᠪᠠᠢ ᠲᠤ ᠬᠦᠷᠴᠦ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠴᠠᠰᠤᠨ ᠳᠤ ᠭᠤᠯᠭᠤᠬᠤ᠂ ᠴᠠᠰᠣᠨ ᠬᠠᠪᠲᠠᠰᠤ᠂ ᠴᠠᠰᠤᠨ ᠤ ᠴᠠᠭᠠᠷᠢᠭ᠂ ᠴᠠᠰᠤᠲᠤ ᠭᠠᠵᠠᠷ ᠤᠨ ᠮᠣᠲ᠋ᠣᠷ᠂ ᠥᠨᠳᠥᠷ ᠠᠭᠤᠯᠠ ᠶᠢᠨ ᠦᠵᠡᠮᠵᠢ᠂ ᠨᠣᠬᠠᠶ ᠴᠢᠷᠬᠦ ᠠᠨᠵᠢᠰᠤ ᠵᠡᠷᠭᠡ ᠶᠢ ᠪᠡᠶᠡᠴᠢᠯᠡᠨ ᠥᠩᠭᠡᠷᠡᠵᠦ᠂ ᠡᠪᠦᠯ ᠤᠨ ᠤᠯᠠᠷᠢᠯ ᠤᠨ ᠮᠥᠰᠥ ᠴᠠᠰᠤᠨ ᠤ ᠣᠷᠭᠢᠯᠤᠮ᠎ᠠ ᠰᠡᠳᠬᠢᠯᠭᠡ ᠶᠢ ᠣᠶᠢᠯᠠᠭᠠᠵᠤ ᠪᠤᠯᠤᠨ᠎ᠠ᠃    D2᠄ ᠥᠷᠯᠥᠭᠡ ᠶᠢᠨ ᠬᠤᠭᠤᠯᠠᠨ ᠤ ᠳᠠᠷᠠᠭ᠎ᠠ ᠲᠡᠷᠭᠡᠨ ᠳᠤ ᠰᠠᠭᠤᠵᠤ ᠴᠠᠢ ᠾᠧ ᠭᠤᠣᠯ ᠤᠨ ᠰᠠᠷᠠᠨ ᠵᠢᠵᠢᠭ ᠪᠠᠯᠭᠠᠰᠤ ︵ᠪᠠᠷᠤᠭ 3 ᠴᠠᠭ ᠤᠨ ᠲᠡᠷᠭᠡᠨ ᠵᠠᠮ︶ ᠳᠤ ᠣᠴᠢᠵᠤ᠂ ᠵᠠᠮ ᠳᠠᠭᠠᠤ ᠡᠪᠦᠯ ᠤᠨ ᠤᠯᠠᠷᠢᠯ ᠤᠨ ᠣᠶᠢᠲᠤ ᠣᠷᠣᠨ ᠤ ᠥᠩᠭᠡ ᠦᠵᠡᠮᠵᠢ ᠶᠢ ᠰᠣᠨᠢᠷᠬᠠᠵᠤ ᠪᠤᠯᠤᠨ᠎ᠠ᠃ ᠣᠷᠣᠢ ᠯᠢᠨ ᠣᠪᠣᠭᠲᠤ ᠶᠢᠨ ᠬᠠᠨᠵᠤᠨ ᠪᠠᠭᠤᠳᠠᠯ ᠪᠤᠶᠤ ᠵᠣᠴᠢᠳ ᠤᠨ ᠪᠠᠭᠤᠳᠠᠯ ᠳᠤ ᠰᠠᠭᠤᠵᠤ ᠪᠤᠯᠤᠨ᠎ᠠ᠃    D3᠄ ᠥᠷᠯᠥᠭᠡ ᠶᠢᠨ ᠬᠤᠭᠤᠯᠠᠨ ᠤ ᠳᠠᠷᠠᠭ᠎ᠠ ᠠᠭᠤᠯᠠ ᠤᠰᠤᠨ ᠤ ᠴᠢᠯᠠᠭᠤᠯᠢᠭ ᠤᠨ ᠬᠠᠨ᠎ᠠ ᠶᠢᠨ ᠵᠢᠷᠤᠭ᠂ ᠲᠦᠩ ᠰᠢᠨ ᠲᠢᠶᠠᠨ ᡂᠢ ᠨᠠᠭᠤᠷ᠂ ᠰᠠᠷᠠᠨ ᠲᠢᠶᠠᠨ ᡂᠢ ᠨᠠᠭᠤᠷ ᠢ ᠲᠣᠭᠤᠷᠢᠨ ᠦᠵᠡᠵᠦ᠂ ᠦᠳᠡ ᠬᠤᠭᠤᠯᠠ ᠳᠤ       ᠯᠢᠨ ᠣᠪᠣᠭᠲᠤ ᠶᠢᠨ ᠠᠮᠲᠠᠲᠤ ᠬᠤᠭᠤᠯᠠ ᠶᠢ ᠠᠮᠲᠠᠯᠠᠵᠤ᠂ ᠦᠳᠡ ᠬᠤᠶᠢᠨ᠎ᠠ ᠬᠤᠲᠠ ᠶᠢᠨ ᠲᠣᠭᠤᠷᠢᠭ ᠲᠤ ᠬᠠᠷᠢᠵᠤ᠂ ᠪᠠᠶᠠᠷ ᠬᠥᠷ ᠲᠠᠢ ᠠᠶᠠᠯᠠᠯ ᠢᠶᠠᠨ ᠳᠠᠭᠤᠰᠬᠠᠨ᠎ᠠ᠃
   
 
ᠢᠷᠡᠯᠲᠡ᠄ ᠵᠠᠯᠠᠨ ᠠᠢᠢᠯ ᠬᠣᠲᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号