ᠵᠠᠯᠠᠨ ᠠᠶᠢᠯ ᠬᠤᠳᠠ ᠶᠢᠨ ᠤᠯᠠᠭᠠᠨᠬᠦᠦ ᠨᠥᠬᠦᠷ ᠤᠨ ᠳᠤᠷᠠᠰᠬᠠᠯ ᠤᠨ ᠣᠷᠳᠣᠨ ᠤ ᠡᠵᠡᠯᠡᠬᠦ ᠲᠠᠯᠠᠪᠠᠢ ᠨᠢ | 8051 ᠲᠡᠭᠰᠢ ᠳᠥᠷᠪᠡᠯᠵᠢᠨ ᠮᠧᠲᠷ ᠪᠠᠶᠢᠵᠤ᠂ ᠤᠯᠠᠭᠠᠨᠬᠦᠦ ᠨᠥᠬᠦᠷ ᠤᠨ ᠠᠵᠢᠯ ᠤᠨ ᠬᠠᠭᠤᠴᠢᠨ ᠪᠠᠭᠤᠷᠢ᠂ | ᠤᠯᠠᠭᠠᠨᠬᠦᠦ ᠶᠢᠨ ᠰᠣᠶᠣᠯ ᠤᠨ ᠭᠤᠣᠯ ᠰᠡᠳᠦᠪᠲᠦ ᠠᠭᠤᠳᠠᠮ ᠲᠠᠯᠠᠪᠠᠢ᠂ ᠰᠣᠶᠣᠯ ᠤᠨ ᠬᠦᠰᠢᠶ᠎ᠡ ᠶᠢᠨ ᠬᠤᠩᠭᠢᠯ | ᠵᠢᠴᠢ ᠤᠯᠠᠭᠠᠨᠬᠦᠦ ᠨᠥᠬᠦᠷ ᠤᠨ ᠬᠠᠭᠠᠰ ᠪᠡᠶ᠎ᠡ ᠶᠢᠨ ᠬᠦᠷᠡᠯ ᠬᠦᠷᠦᠭ ᠵᠡᠷᠭᠡ ᠬᠡᠳᠦᠨ ᠪᠦᠷᠢᠯᠳᠦᠬᠦᠨ ᠬᠡᠰᠡᠭ | ᠬᠤᠪᠢᠶᠠᠵᠠᠢ᠃ ᠡᠭᠦᠨ ᠳᠤ ᠤᠯᠠᠭᠠᠨᠬᠦᠦ ᠨᠥᠬᠦᠷ ᠤᠨ ᠠᠵᠢᠯ ᠤᠨ ᠬᠠᠭᠤᠴᠢᠨ ᠪᠠᠭᠤᠷᠢ 1935 ᠣᠨ ᠳᠤ | ᠪᠠᠶᠢᠭᠤᠯᠤᠭᠳᠠᠪᠠ᠂ ᠲᠤᠬᠠᠢ ᠶᠢᠨ ᠦᠶ᠎ᠡ ᠳᠤ ᠬᠠᠭᠤᠷᠮᠠᠭ ᠬᠢᠩᠭᠠᠨ ᠵᠡᠭᠦᠨ ᠮᠤᠵᠢ ᠶᠢᠨ ᠠᠩᠬᠠᠳᠠᠭᠴᠢ ᠮᠤᠵᠢ ᠶᠢᠨ | ᠳᠠᠷᠤᠭ᠎ᠠ ᠡᠯᠴᠦᠨ ᠤ ᠣᠷᠳᠣᠨ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠭᠤᠣᠯᠳᠠᠯᠭ᠎ᠠ ᠲᠠᠢ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠢ ᠪᠠᠶᠢᠵᠠᠢ᠃ | 2011 ᠣᠨ ᠳᠤ ᠵᠠᠯᠠᠨ ᠠᠶᠢᠯ ᠬᠤᠳᠠ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠢᠶᠠᠷ ᠦᠨᠡᠯᠡᠭᠳᠡᠵᠦ᠂ | ᠤᠯᠠᠭᠠᠨᠬᠦᠦ ᠨᠥᠬᠦᠷ ᠤᠨ ᠳᠤᠷᠠᠰᠬᠠᠯ ᠤᠨ ᠣᠷᠳᠣᠨ ᠢ ᠬᠤᠪᠢᠰᠬᠠᠯ ᠤᠨ ᠳᠤᠷᠠᠰᠬᠠᠯᠲᠤ ᠵᠤᠭᠠᠴᠠᠯ ᠤᠨ | ᠭᠤᠣᠯᠳᠠᠯᠭ᠎ᠠ ᠲᠠᠢ ᠦᠵᠡᠮᠵᠢ ᠶᠢᠨ ᠣᠷᠣᠨ ᠪᠠ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ | ᠭᠠᠵᠠᠷ ᠲᠤ ᠣᠷᠣᠭᠤᠯᠪᠠ᠃ ᠣᠷᠳᠣᠨ ᠳᠠᠭᠠᠨ ᠤᠯᠠᠭᠠᠨᠬᠦᠦ ᠨᠥᠬᠦᠷ ᠤᠨ ᠵᠠᠯᠠᠨ ᠠᠶᠢᠯ ᠳᠤ ᠠᠵᠢᠯᠯᠠᠵᠤ ᠠᠮᠢᠳᠤᠷᠠᠵᠤ | ᠪᠠᠶᠢᠭᠰᠠᠨ ᠪᠠᠶᠢᠳᠠᠯ ᠢ ᠰᠡᠷᠭᠦᠭᠡᠵᠦ᠂ ᠤᠯᠠᠭᠠᠨᠬᠦᠦ ᠨᠥᠬᠦᠷ ᠤᠨ 1948 ᠣᠨ ᠠᠴᠠ 1962 ᠤᠨ ᠬᠦᠷᠲᠡᠯᠡᠬᠢ | ᠬᠤᠭᠤᠴᠠᠭᠠᠨ ᠳᠤ ᠵᠠᠯᠠᠨ ᠠᠶᠢᠯ ᠳᠤ ᠤᠯᠠᠨ ᠤᠳᠠᠭ᠎ᠠ ᠢᠷᠡᠵᠦ ᠠᠵᠢᠯᠯᠠᠭᠰᠠᠨ ᠪᠠ ᠠᠮᠢᠳᠤᠷᠠᠭᠰᠠᠨ ᠴᠢᠬᠤᠯᠠ | ᠲᠤᠯᠭᠤᠷ ᠪᠢᠴᠢᠭ ᠪᠣᠯᠤᠨ ᠪᠣᠳᠠᠲᠤ ᠬᠡᠷᠡᠭᠰᠡᠯ ᠢ ᠳᠡᠯᠭᠡᠨ ᠦᠵᠡᠭᠦᠯᠵᠡᠢ᠃ ᠰᠣᠶᠣᠯ ᠤᠨ ᠬᠥᠰᠢᠶᠡᠨ ᠤ ᠬᠤᠩᠭᠢᠯ ᠳᠤ | ᠨᠠᠮ ᠪᠣᠯᠤᠨ ᠲᠥᠷᠥ ᠶᠢᠨ ᠤᠳᠤᠷᠢᠳᠬᠤ ᠬᠥᠮᠦᠰ ᠪᠣᠯᠤᠨ ᠠᠯᠳᠠᠷᠲᠤ ᠤᠷᠠᠨ ᠪᠢᠴᠢᠯᠭᠡᠲᠡᠨ ᠤ 103 ᠤᠷᠠᠨ | ᠪᠢᠴᠢᠯᠭᠡ ᠶᠢᠨ ᠪᠦᠲᠦᠭᠡᠯ ᠢ ᠣᠷᠣᠭᠤᠯᠵᠠᠶ᠃ ᠲᠡᠭᠦᠨ ᠤ ᠵᠠᠯᠠᠨ ᠠᠶᠢᠯ ᠳᠠᠬᠢ ᠤᠯᠠ ᠮᠥᠷ ᠢᠶᠠᠷ ᠨᠢᠭᠡᠨ ᠠᠭᠤᠤ ᠶᠡᠭᠡ | ᠬᠥᠮᠦᠨ ᠤ ᠠᠭᠤᠤ ᠭᠠᠪᠢᠶ᠎ᠠ ᠠᠤᠭ᠎ᠠ ᠪᠦᠲᠦᠮᠵᠢ ᠶᠢ ᠦᠵᠡᠭᠦᠯᠦᠭᠰᠡᠨ ᠢᠶᠠᠷ ᠳᠠᠮᠵᠢᠨ ᠲᠡᠭᠦᠨ ᠤ ᠡᠭᠡᠯ ᠶᠡᠷᠦᠮᠳᠡᠭ ᠢ | ᠢᠯᠡᠷᠡᠭᠦᠯᠵᠡᠶ᠃ ᠲᠡᠦᠬᠡ ᠪᠠ ᠭᠠᠵᠠᠷ ᠣᠷᠣᠨ ᠤ ᠦᠰᠦᠷᠦᠯᠲᠡ ᠪᠠᠷ ᠤᠯᠠᠭᠠᠨᠬᠦᠦ ᠪᠠ ᠵᠠᠯᠠᠨ ᠠᠶᠢᠯ ᠢ ᠨᠢᠭᠲᠠ | ᠬᠤᠯᠪᠣᠪᠠ᠃ | ᠤᠯᠠᠭᠠᠨᠬᠦᠤ ᠨᠥᠬᠦᠷ ᠤᠨ ᠳᠤᠷᠠᠰᠬᠠᠯ ᠤᠨ ᠣᠷᠳᠣᠨ | ᠭᠠᠷᠠᠭ ᠤᠨ ᠬᠤᠶᠠᠷ ᠠᠴᠠ ᠭᠠᠷᠠᠭ ᠤᠨ ᠡᠳᠦᠷ ᠬᠦᠷᠲᠡᠯ᠎ᠡ ᠡᠳᠦᠷ ᠪᠦᠷᠢ 9:00-17:00 ᠴᠠᠭ ᠤᠨ | ᠬᠤᠭᠤᠷᠤᠨᠳᠦ ᠨᠡᠭᠡᠭᠡᠨ᠎ᠡ᠃ | |