| ᠵᠠᠯᠠᠨ ᠠᠶᠢᠯ ᠬᠤᠲᠠ ᠶᠢᠨ ᠯᠦ ᠮᠢᠩ ᠠᠭᠤᠯᠠᠨ ᠲᠣᠰᠬᠤᠨ ᠬᠥᠯᠥᠨ ᠪᠤᠶᠢᠷ ᠤᠨ ᠵᠠᠯᠠᠨ ᠠᠶᠢᠯ ᠬᠤᠲᠠ ᠶᠢᠨ | ᠤᠮᠠᠷᠠᠲᠤ 32 ᠺᠢᠯᠣᠮᠧᠲᠷ ᠤᠨ ᠭᠠᠵᠠᠷ ᠤᠨ ᠨᠠᠮᠤ ᠣᠷᠴᠣᠨ ᠦᠨᠳᠦᠰᠦᠲᠡᠨ ᠤ ᠰᠢᠶᠠᠩ ᠤᠨ ᠬᠢᠯᠢ ᠳᠤ ᠪᠠᠶᠢᠷᠢᠯᠠᠵᠤ | ᠪᠠᠶᠢᠨ᠎ᠠ᠃ ᠲᠠᠪᠤᠨ ᠺᠢᠯᠣᠮᠧᠲᠷ ᠤᠨ ᠭᠠᠵᠠᠷ ᠲᠤ ᠵᠠ ︵ᠵᠠᠯᠠᠨ ᠠᠶᠢᠯ︶ ᠪᠥᠸᠧ ︵ᠪᠤᠭᠤᠲᠤ︶ ᠶᠢᠨ ᠵᠠᠰᠠᠮᠠᠯ | ᠵᠠᠮ ᠤᠨ ᠰᠢᠭᠤᠳ ᠨᠡᠪᠲᠡᠷᠡᠬᠦ ᠦᠵᠡᠮᠵᠢ ᠶᠢᠨ ᠣᠷᠣᠨ ᠪᠣᠯᠤᠨ᠎ᠠ᠃ ᠵᠠᠯᠠᠨ ᠠᠶᠢᠯ ᠬᠤᠲᠠ ᠠᠴᠠ 40 ᠺᠢᠯᠣᠮᠧᠲᠷ | ᠵᠠᠶᠢᠲᠠᠶ᠃ ᠡᠵᠡᠯᠡᠬᠦ ᠲᠠᠯᠠᠪᠠᠶ ᠨᠢ 666.7 ᠾᠧᠺᠲ᠋ᠠᠷ᠃ | | ᠯᠦ ᠮᠢᠩ ᠠᠭᠤᠯᠠᠨ ᠲᠣᠰᠬᠤᠨ ᠤ ᠦᠵᠡᠮᠵᠢ ᠶᠢᠨ ᠣᠷᠣᠨ ᠤ ᠪᠠᠶᠢᠭᠠᠯᠢ ᠶᠢᠨ ᠡᠬᠢ ᠪᠠᠶᠠᠯᠢᠭ ᠣᠯᠠᠨ ᠠᠴᠠ | ᠣᠨᠴᠠᠭᠠᠢ᠂ ᠠᠳᠡᠬᠢ ᠠᠭᠤᠯᠠᠰ᠂ ᠨᠣᠮᠢᠨ ᠤᠰᠤ᠂ ᠣᠶ ᠰᠢᠭᠤᠶ ᠨᠡᠯᠦᠭᠡᠷ ᠠᠭᠤᠳᠠᠮ᠂ ᠲᠠᠯ᠎ᠠ ᠨᠤᠲᠤᠭ ᠥᠷᠭᠡᠨ | ᠠᠭᠤᠳᠠᠮ ᠪᠠᠶᠢᠳᠠᠭ᠃ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠮᠠᠰᠢ ᠡᠯᠪᠡᠭ ᠪᠠᠶᠢᠳᠠᠭ᠃ | ᠠᠮᠢᠳᠤᠷᠠᠯ ᠨᠢ ᠦᠶ᠎ᠡ ᠤᠯᠠᠷᠢᠨ ᠠᠩ ᠠᠩᠨᠠᠯ ᠢᠶᠠᠷ ᠠᠮᠢᠳᠤᠷᠠᠳᠠᠭ ᠣᠷᠴᠣᠨ ᠬᠥᠮᠦᠨ ᠪᠠᠶᠢᠵᠤ᠂ ᠠᠷᠠᠳ ᠤᠨ ᠵᠠᠩ | ᠦᠢᠯᠡ ᠨᠢ ᠭᠦᠨ ᠵᠤᠵᠠᠭᠠᠨ ᠪᠠᠶᠢᠳᠠᠭ᠃ ᠠᠳᠡ ᠬᠠᠪᠤᠷ ᠤᠨ ᠤᠯᠠᠷᠢᠯ ᠳᠤ ᠠᠭᠤᠯᠠᠨ ᠴᠡᠴᠡᠭ ᠮᠢᠷᠠᠯᠵᠠᠨ ᠳᠡᠯᠭᠡᠷᠡᠵᠦ᠂ | ᠵᠤᠨ ᠤ ᠤᠯᠠᠷᠢᠯ ᠳᠤ ᠥᠩᠭᠡ ᠢᠯᠭᠠᠷᠠᠨ ᠳᠡᠯᠭᠡᠷᠡᠵᠦ᠂ ᠨᠠᠮᠤᠷ ᠤᠨ ᠤᠯᠠᠷᠢᠯ ᠤᠨ ᠣᠶ ᠰᠢᠭᠤᠶ ᠨᠢ ᠪᠦᠷ | ᠪᠤᠳᠤᠭᠳᠠᠵᠤ᠂ ᠡᠪᠦᠯ ᠤᠨ ᠤᠯᠠᠷᠢᠯ ᠤᠨ ᠮᠥᠩᠭᠦᠨ ᠵᠠᠰᠠᠯ ᠴᠠᠭᠠᠨ ᠥᠩᠭᠡ ᠪᠠᠷ ᠪᠠᠭᠯᠠᠵᠠᠶ᠃ | | | | ᠯᠦ ᠮᠢᠩ ᠠᠭᠤᠯᠠᠨ ᠲᠣᠰᠬᠤᠨ ᠳᠤ ᠤᠢ ᠮᠣᠳᠣ ᠪᠥᠷᠬᠦᠵᠦ᠂ ᠭᠤᠣᠯ ᠤᠨ ᠤᠰᠤ ᠴᠠᠯᠭᠢᠯᠠᠨ᠎ᠠ᠃ | ᠵᠤᠰᠠᠯᠠᠩ ᠤᠨ ᠳᠣᠲᠣᠷ᠎ᠠ ᠮᠣᠳᠣᠨ ᠰᠡᠶᠢᠯᠦᠮᠡᠯ᠂ ᠮᠣᠩᠭᠤᠯ ᠭᠡᠷ᠂ ᠧᠦ᠋ᠷᠣᠫᠠ ᠮᠠᠶ᠋ᠢᠭ ᠤᠨ ᠮᠣᠳᠣᠨ ᠭᠡᠷ᠂ ᠤᠰᠤᠨ | ᠳᠡᠭᠡᠷᠡᠬᠢ ᠬᠤᠭᠤᠯᠠᠨ ᠭᠡᠷ ᠵᠡᠷᠭᠡ ᠶᠠᠩᠵᠤ ᠪᠦᠷᠢ ᠶᠢᠨ ᠬᠡᠯᠪᠡᠷᠢ ᠳᠦᠷᠰᠦ ᠨᠢ ᠥᠪᠡᠷᠮᠢᠴᠡ ᠣᠨᠴᠠᠯᠢᠭ ᠲᠠᠢ᠂ | ᠥᠪᠡᠷᠮᠢᠴᠡ ᠬᠡᠪ ᠨᠠᠮᠪᠠ ᠲᠠᠢ ᠪᠠᠷᠢᠯᠭ᠎ᠠ ᠪᠠᠶᠢᠵᠤ᠂ ᠬᠥᠬᠡᠮᠳᠦᠭ ᠠᠭᠤᠯᠠ᠂ ᠨᠣᠭᠤᠭᠠᠨ ᠮᠣᠳᠣ᠂ ᠴᠡᠩᠭᠡᠭ ᠤᠰᠤᠨ ᠤ | ᠬᠤᠭᠤᠷᠣᠨᠳᠣ ᠨᠢᠭᠤᠭᠳᠠᠵᠤ᠂ ᠪᠠᠶᠢᠭᠠᠯᠢ ᠶᠢᠨ ᠡᠬᠢ ᠪᠠᠶᠠᠯᠢᠭ ᠪᠣᠯᠤᠨ ᠣᠳᠣ ᠦᠶ᠎ᠡ ᠶᠢᠨ ᠪᠠᠷᠢᠯᠭ᠎ᠠ ᠨᠢ ᠨᠢᠭᠡᠨ | ᠪᠦᠷᠢᠨ ᠲᠡᠭᠦᠯᠳᠡᠷ ᠵᠢᠷᠤᠭ ᠲᠠᠢ ᠪᠣᠯᠤᠭᠰᠠᠨ ᠪᠠᠶᠢᠨ᠎ᠠ᠃ ᠦᠵᠡᠮᠵᠢ ᠶᠢᠨ ᠣᠷᠣᠨ ᠪᠣᠯᠤᠨ ᠪᠠᠶᠢᠭᠠᠯᠢ ᠶᠢᠨ ᠣᠷᠴᠢᠨ | ᠲᠣᠭᠤᠷᠢᠨ ᠨᠢᠭᠡ ᠴᠣᠭᠴᠠ ᠪᠣᠯᠵᠤ᠂ ᠶᠡᠷᠦ ᠨᠢ ︽ᠤᠮᠠᠷᠠᠲᠤ ᠶᠢᠨ ᠨᠢᠭᠡᠳᠦᠭᠡᠷ ᠬᠥᠪᠦᠮᠡᠯ︾ ᠪᠠᠶᠢᠭᠰᠠᠨ ᠶᠠᠯᠦ | ᠭᠤᠣᠯ ᠤᠨ ᠤᠷᠤᠰᠬᠠᠯ ᠤᠨ ᠦᠵᠡᠮᠵᠢᠲᠦ ᠣᠷᠣᠨ ᠤ ︽ᠡᠷᠡᠭᠦᠯ ᠮᠡᠨᠳᠦ᠂ ᠠᠮᠤᠷ ᠲᠦᠪᠰᠢᠨ᠂ ᠡᠮᠬᠢ ᠵᠢᠷᠤᠮ᠂ | ᠶᠠᠰᠤ ᠴᠢᠨᠠᠷ᠂ ᠦᠷ᠎ᠡ ᠠᠰᠢᠭ︾ ᠢ ᠨᠢᠭᠡᠳᠬᠡᠬᠦ ᠬᠠᠷᠠᠯᠲᠠ ᠶᠢ ᠪᠡᠶᠡᠯᠡᠭᠦᠯᠵᠡᠶ᠃ ᠡᠯ᠎ᠡ ᠵᠦᠶ᠋ᠯ ᠤᠨ ᠭᠦᠶ᠋ᠴᠡᠳᠬᠡᠯ | ᠲᠤᠭ᠎ᠠ ᠵᠢᠯ ᠳᠠᠷᠠᠭᠠᠯᠠᠨ ᠶᠡᠭᠡ ᠪᠠᠷ ᠨᠡᠮᠡᠭᠳᠡᠵᠦ᠂ ᠢᠷᠠᠭᠤ ᠠᠯᠳᠠᠷ ᠤᠨ ᠬᠡᠮᠵᠢᠶ᠎ᠡ ᠶᠡᠭᠡ ᠪᠠᠷ ᠳᠡᠭᠡᠭᠰᠢᠯᠡᠪᠡ᠃ | ᠯᠦ ᠮᠢᠩ ᠠᠭᠤᠯᠠᠨ ᠲᠣᠰᠬᠤᠨ ᠤ ᠦᠵᠡᠮᠵᠢ ᠶᠢᠨ ᠣᠷᠣᠨ ᠳᠤ ᠬᠥᠪᠪᠥᠨ ᠤᠷᠤᠰᠬᠤ ᠭᠠᠷᠠᠮ᠂ ᠲᠡᠷᠭᠡᠨ | ᠵᠣᠭᠰᠣᠭᠠᠯ᠂ ᠵᠢᠭᠠᠰᠤ ᠲᠡᠵᠢᠭᠡᠬᠦ ᠲᠠᠲᠠᠭᠠᠯ᠂ ᠵᠢᠮᠢᠰ ᠤᠨ ᠰᠠᠭᠤᠷᠢᠨ ᠭᠠᠵᠠᠷ᠂ ᠬᠦᠯᠢᠶᠡᠨ ᠠᠪᠬᠤ ᠶᠡᠭᠡ ᠲᠢᠩᠬᠢᠮ᠂ | ᠬᠡᠪ ᠨᠠᠮᠪᠠᠷ ᠲᠠᠢ ᠮᠣᠳᠣᠨ ᠥᠷᠥᠭᠡ᠂ ᠬᠤᠭᠤᠯᠠᠨ ᠭᠡᠷ ᠵᠡᠷᠭᠡ ᠰᠡᠯᠡᠭᠦᠴᠡᠯ ᠤᠨ ᠲᠠᠯᠠᠪᠤᠷ ᠪᠠᠶᠢᠨ᠎ᠠ᠃ ᠵᠢᠮᠢᠰ | ᠢᠳᠡᠰᠢᠨ ᠨᠣᠭᠤᠭᠠᠨ ᠤ ᠰᠠᠭᠤᠷᠢᠨ ᠭᠠᠵᠠᠷ 400 ᠮᠥ᠂ ᠠᠭᠤᠯᠠᠨ ᠭᠠᠷᠤᠯᠲᠠ ᠪᠣᠷᠣᠯᠠᠭᠤᠯᠬᠤ ᠭᠠᠵᠠᠷ 1᠂ ᠵᠢᠭᠠᠰᠤ | ᠲᠡᠵᠢᠭᠡᠬᠦ ᠴᠥᠭᠦᠷᠥᠮ 1᠂ ᠬᠥᠪᠪᠥᠮᠡᠯ ᠣᠩᠭᠤᠴᠠ 300 ᠭᠠᠷᠤᠶ ᠪᠠᠶᠢᠨ᠎ᠠ᠃ ᠲᠥᠬᠦᠭᠡᠷᠦᠮᠵᠢ ᠪᠦᠷᠢᠨ᠂ ᠴᠢᠳᠠᠮᠵᠢ | ᠪᠦᠷᠢᠨ᠂ ᠨᠢᠭᠡ ᠯᠡ ᠤᠳᠠᠭ᠎ᠠ ᠳᠤ 800 ᠬᠥᠮᠦᠨ ᠤ ᠬᠤᠭᠤᠯᠠ ᠪᠠ ᠬᠤᠨᠤᠭ ᠢ ᠬᠠᠩᠭᠠᠵᠤ᠂ ᠵᠢᠯ ᠪᠦᠷᠢ 3 ᠲᠦᠮᠡ | ᠭᠠᠷᠤᠶ ᠵᠢᠭᠤᠯᠴᠢᠯᠠᠭᠴᠢᠳ ᠢ ᠭᠥᠯᠢᠶᠡᠨ ᠠᠪᠴᠤ ᠪᠣᠯᠤᠨ᠎ᠠ᠃ | | | |