D1᠄ ᠤᠯᠤᠰ ᠤᠨ 4A ᠲᠡᠰ ᠤᠨ ᠦᠵᠡᠮᠵᠢ ᠶᠢᠨ ᠣᠷᠣᠨ ᠤ ᠳᠡᠭᠦᠵᠢᠩ ᠬᠥᠭᠦᠷᠭᠡ ᠶᠢᠨ ᠴᠡᠴᠡᠷᠯᠢᠭ ᠢ ᠲᠣᠭᠤᠷᠢᠨ ᠦᠵᠡᠵᠦ᠂ ᠵᠠᠭᠤᠨ ᠵᠢᠯ ᠤᠨ ᠡᠮᠦᠨᠡᠬᠢ | ᠥᠷᠥᠨᠡᠳᠠᠬᠢᠨ ᠤ ᠰᠣᠶᠣᠯ ᠤᠨ ᠵᠠᠯᠠᠨ ᠠᠶᠢᠯ ᠬᠤᠲᠠ ᠳᠤ ᠦᠵᠡᠭᠦᠯᠬᠦ ᠨᠥᠯᠥᠭᠡ ᠶᠢ ᠲᠠᠨᠢᠵᠤ᠂ ᠬᠥᠯᠥᠨ ᠪᠤᠶᠢᠷ ᠤᠨ ᠵᠥᠩ ᠳ᠋ᠦᠩ ᠲᠡᠮᠦᠷ ᠵᠠᠮ ᠤᠨ ᠮᠦᠽᠧᠢ ᠪᠠᠷ | ᠲᠣᠭᠤᠷᠢᠨ ᠦᠵᠡᠵᠦ᠂ ᠵᠠᠭᠤᠨ ᠵᠢᠯ ᠤᠨ ᠲᠤᠷᠰᠢᠬᠢ ᠲᠡᠦᠬᠡ ᠶᠢᠨ ᠯᠤᠲᠤ ᠶᠡᠭᠡ ᠬᠤᠪᠢᠷᠠᠯᠲᠠ ᠶᠢ ᠪᠣᠳᠣᠯᠬᠢᠯᠠᠭᠠᠳ᠂ ᠦᠳᠡ ᠶᠢᠨ ᠬᠤᠭᠤᠯᠠᠨ ᠤ ᠳᠠᠷᠠᠭ᠎ᠠ᠂ ᠸᠤ᠋ ᠨᠢᠤ | ᠾᠧ ᠪᠠᠯᠭᠠᠰᠤᠨ ᠤ ᠡᠦ ᠰᠢᠩ ᠲᠣᠰᠬᠤᠨ ᠤ ᠵᠠᠯᠠᠨ ᠠᠶᠢᠯ ᠤᠨ ᠶᠢᠨ ᠯᠦᠩ ᠱᠠᠨ ᠠᠭᠤᠯᠠ ᠶᠢᠨ ᠴᠠᠰᠤ ᠲᠠᠰᠢᠬᠤ ᠲᠠᠯᠠᠪᠠᠢ ᠲᠤ ᠬᠦᠷᠴᠦ᠂ ᠣᠷᠭᠢᠯᠤᠮ᠎ᠠ ᠬᠠᠯᠠᠭᠤᠨ | ᠰᠡᠳᠬᠢᠯᠭᠡ ᠪᠠᠷ ᠴᠠᠰᠤᠨ ᠳᠤ ᠭᠤᠯᠭᠤᠬᠤ᠂ ᠴᠠᠰᠣᠨ ᠬᠠᠪᠲᠠᠰᠤ᠂ ᠴᠠᠰᠤᠨ ᠤ ᠴᠠᠭᠠᠷᠢᠭ᠂ ᠴᠠᠰᠤᠲᠤ ᠭᠠᠵᠠᠷ ᠤᠨ ᠮᠣᠲ᠋ᠣᠷ᠂ ᠥᠨᠳᠥᠷ ᠠᠭᠤᠯᠠ ᠶᠢᠨ ᠦᠵᠡᠮᠵᠢ᠂ | ᠨᠣᠬᠠᠶ ᠴᠢᠷᠬᠦ ᠠᠨᠵᠢᠰᠤ ᠵᠡᠷᠭᠡ ᠶᠢ ᠪᠡᠶᠡᠴᠢᠯᠡᠨ ᠥᠩᠭᠡᠷᠡᠵᠦ᠂ ᠡᠪᠦᠯ ᠤᠨ ᠤᠯᠠᠷᠢᠯ ᠤᠨ ᠮᠥᠰᠥ ᠴᠠᠰᠤᠨ ᠤ ᠣᠷᠭᠢᠯᠤᠮ᠎ᠠ ᠰᠡᠳᠬᠢᠯᠭᠡ ᠶᠢ ᠣᠶᠢᠯᠠᠭᠠᠵᠤ ᠪᠤᠯᠤᠨ᠎ᠠ᠃ | D2᠄ ᠥᠷᠯᠥᠭᠡ ᠶᠢᠨ ᠬᠤᠭᠤᠯᠠᠨ ᠤ ᠳᠠᠷᠠᠭ᠎ᠠ ᠲᠡᠷᠭᠡᠨ ᠳᠤ ᠰᠠᠭᠤᠵᠤ ᠴᠠᠢ ᠾᠧ ᠭᠤᠣᠯ ᠤᠨ ᠰᠠᠷᠠᠨ ᠵᠢᠵᠢᠭ ᠪᠠᠯᠭᠠᠰᠤ ︵ᠪᠠᠷᠤᠭ 3 ᠴᠠᠭ ᠤᠨ ᠲᠡᠷᠭᠡᠨ ᠵᠠᠮ︶ | ᠳᠤ ᠣᠴᠢᠵᠤ᠂ ᠵᠠᠮ ᠳᠠᠭᠠᠤ ᠡᠪᠦᠯ ᠤᠨ ᠤᠯᠠᠷᠢᠯ ᠤᠨ ᠣᠶᠢᠲᠤ ᠣᠷᠣᠨ ᠤ ᠥᠩᠭᠡ ᠦᠵᠡᠮᠵᠢ ᠶᠢ ᠰᠣᠨᠢᠷᠬᠠᠵᠤ ᠪᠤᠯᠤᠨ᠎ᠠ᠃ ᠣᠷᠣᠢ ᠯᠢᠨ ᠣᠪᠣᠭᠲᠤ ᠶᠢᠨ ᠬᠠᠨᠵᠤᠨ | ᠪᠠᠭᠤᠳᠠᠯ ᠪᠤᠶᠤ ᠵᠣᠴᠢᠳ ᠤᠨ ᠪᠠᠭᠤᠳᠠᠯ ᠳᠤ ᠰᠠᠭᠤᠵᠤ ᠪᠤᠯᠤᠨ᠎ᠠ᠃ | D3᠄ ᠥᠷᠯᠥᠭᠡ ᠶᠢᠨ ᠬᠤᠭᠤᠯᠠᠨ ᠤ ᠳᠠᠷᠠᠭ᠎ᠠ ᠠᠭᠤᠯᠠ ᠤᠰᠤᠨ ᠤ ᠴᠢᠯᠠᠭᠤᠯᠢᠭ ᠤᠨ ᠬᠠᠨ᠎ᠠ ᠶᠢᠨ ᠵᠢᠷᠤᠭ᠂ ᠲᠦᠩ ᠰᠢᠨ ᠲᠢᠶᠠᠨ ᡂᠢ ᠨᠠᠭᠤᠷ᠂ ᠰᠠᠷᠠᠨ | ᠲᠢᠶᠠᠨ ᡂᠢ ᠨᠠᠭᠤᠷ ᠢ ᠲᠣᠭᠤᠷᠢᠨ ᠦᠵᠡᠵᠦ᠂ ᠦᠳᠡ ᠬᠤᠭᠤᠯᠠ ᠳᠤ ᠯᠢᠨ ᠣᠪᠣᠭᠲᠤ ᠶᠢᠨ ᠠᠮᠲᠠᠲᠤ ᠬᠤᠭᠤᠯᠠ ᠶᠢ ᠠᠮᠲᠠᠯᠠᠵᠤ᠂ ᠦᠳᠡ ᠬᠤᠶᠢᠨ᠎ᠠ | ᠬᠤᠲᠠ ᠶᠢᠨ ᠲᠣᠭᠤᠷᠢᠭ ᠲᠤ ᠬᠠᠷᠢᠵᠤ᠂ ᠪᠠᠶᠠᠷ ᠬᠥᠷ ᠲᠠᠢ ᠠᠶᠠᠯᠠᠯ ᠢᠶᠠᠨ ᠳᠠᠭᠤᠰᠬᠠᠨ᠎ᠠ᠃ |