ᠤᠯᠠᠭᠠᠨᠬᠦᠤ ᠨᠥᠬᠦᠷ ᠤᠨ ᠳᠤᠷᠠᠰᠬᠠᠯ ᠤᠨ ᠣᠷᠳᠣᠨ
ᠨᠡᠶᠢᠲᠡᠯᠡᠭᠰᠡᠨ ᠴᠠᠭ᠄
2020/9/21
    ᠵᠠᠯᠠᠨ ᠠᠶᠢᠯ ᠬᠤᠳᠠ ᠶᠢᠨ ᠤᠯᠠᠭᠠᠨᠬᠦᠦ ᠨᠥᠬᠦᠷ ᠤᠨ ᠳᠤᠷᠠᠰᠬᠠᠯ ᠤᠨ ᠣᠷᠳᠣᠨ ᠤ ᠡᠵᠡᠯᠡᠬᠦ ᠲᠠᠯᠠᠪᠠᠢ ᠨᠢ 8051 ᠲᠡᠭᠰᠢ ᠳᠥᠷᠪᠡᠯᠵᠢᠨ ᠮᠧᠲᠷ ᠪᠠᠶᠢᠵᠤ᠂ ᠤᠯᠠᠭᠠᠨᠬᠦᠦ ᠨᠥᠬᠦᠷ ᠤᠨ ᠠᠵᠢᠯ ᠤᠨ ᠬᠠᠭᠤᠴᠢᠨ ᠪᠠᠭᠤᠷᠢ᠂ ᠤᠯᠠᠭᠠᠨᠬᠦᠦ ᠶᠢᠨ ᠰᠣᠶᠣᠯ ᠤᠨ ᠭᠤᠣᠯ ᠰᠡᠳᠦᠪᠲᠦ ᠠᠭᠤᠳᠠᠮ ᠲᠠᠯᠠᠪᠠᠢ᠂ ᠰᠣᠶᠣᠯ ᠤᠨ ᠬᠦᠰᠢᠶ᠎ᠡ ᠶᠢᠨ ᠬᠤᠩᠭᠢᠯ ᠵᠢᠴᠢ ᠤᠯᠠᠭᠠᠨᠬᠦᠦ ᠨᠥᠬᠦᠷ ᠤᠨ ᠬᠠᠭᠠᠰ ᠪᠡᠶ᠎ᠡ ᠶᠢᠨ ᠬᠦᠷᠡᠯ ᠬᠦᠷᠦᠭ ᠵᠡᠷᠭᠡ ᠬᠡᠳᠦᠨ ᠪᠦᠷᠢᠯᠳᠦᠬᠦᠨ ᠬᠡᠰᠡᠭ ᠬᠤᠪᠢᠶᠠᠵᠠᠢ᠃ ᠡᠭᠦᠨ ᠳᠤ ᠤᠯᠠᠭᠠᠨᠬᠦᠦ ᠨᠥᠬᠦᠷ ᠤᠨ ᠠᠵᠢᠯ ᠤᠨ ᠬᠠᠭᠤᠴᠢᠨ ᠪᠠᠭᠤᠷᠢ 1935 ᠣᠨ ᠳᠤ ᠪᠠᠶᠢᠭᠤᠯᠤᠭᠳᠠᠪᠠ᠂ ᠲᠤᠬᠠᠢ ᠶᠢᠨ ᠦᠶ᠎ᠡ ᠳᠤ ᠬᠠᠭᠤᠷᠮᠠᠭ ᠬᠢᠩᠭᠠᠨ ᠵᠡᠭᠦᠨ ᠮᠤᠵᠢ ᠶᠢᠨ ᠠᠩᠬᠠᠳᠠᠭᠴᠢ ᠮᠤᠵᠢ ᠶᠢᠨ ᠳᠠᠷᠤᠭ᠎ᠠ ᠡᠯᠴᠦᠨ ᠤ ᠣᠷᠳᠣᠨ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠢ ᠪᠠᠶᠢᠵᠠᠢ᠃     2011 ᠣᠨ ᠳᠤ ᠵᠠᠯᠠᠨ ᠠᠶᠢᠯ ᠬᠤᠳᠠ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠢᠶᠠᠷ ᠦᠨᠡᠯᠡᠭᠳᠡᠵᠦ᠂ ᠤᠯᠠᠭᠠᠨᠬᠦᠦ ᠨᠥᠬᠦᠷ ᠤᠨ ᠳᠤᠷᠠᠰᠬᠠᠯ ᠤᠨ ᠣᠷᠳᠣᠨ ᠢ ᠬᠤᠪᠢᠰᠬᠠᠯ ᠤᠨ ᠳᠤᠷᠠᠰᠬᠠᠯᠲᠤ ᠵᠤᠭᠠᠴᠠᠯ ᠤᠨ ᠭᠤᠣᠯᠳᠠᠯᠭ᠎ᠠ ᠲᠠᠢ ᠦᠵᠡᠮᠵᠢ ᠶᠢᠨ ᠣᠷᠣᠨ ᠪᠠ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠲᠤ ᠣᠷᠣᠭᠤᠯᠪᠠ᠃ ᠣᠷᠳᠣᠨ ᠳᠠᠭᠠᠨ ᠤᠯᠠᠭᠠᠨᠬᠦᠦ ᠨᠥᠬᠦᠷ ᠤᠨ ᠵᠠᠯᠠᠨ ᠠᠶᠢᠯ ᠳᠤ ᠠᠵᠢᠯᠯᠠᠵᠤ ᠠᠮᠢᠳᠤᠷᠠᠵᠤ ᠪᠠᠶᠢᠭᠰᠠᠨ ᠪᠠᠶᠢᠳᠠᠯ ᠢ ᠰᠡᠷᠭᠦᠭᠡᠵᠦ᠂ ᠤᠯᠠᠭᠠᠨᠬᠦᠦ ᠨᠥᠬᠦᠷ ᠤᠨ 1948 ᠣᠨ ᠠᠴᠠ 1962 ᠤᠨ ᠬᠦᠷᠲᠡᠯᠡᠬᠢ ᠬᠤᠭᠤᠴᠠᠭᠠᠨ ᠳᠤ ᠵᠠᠯᠠᠨ ᠠᠶᠢᠯ ᠳᠤ ᠤᠯᠠᠨ ᠤᠳᠠᠭ᠎ᠠ ᠢᠷᠡᠵᠦ ᠠᠵᠢᠯᠯᠠᠭᠰᠠᠨ ᠪᠠ ᠠᠮᠢᠳᠤᠷᠠᠭᠰᠠᠨ ᠴᠢᠬᠤᠯᠠ ᠲᠤᠯᠭᠤᠷ ᠪᠢᠴᠢᠭ ᠪᠣᠯᠤᠨ ᠪᠣᠳᠠᠲᠤ ᠬᠡᠷᠡᠭᠰᠡᠯ ᠢ ᠳᠡᠯᠭᠡᠨ ᠦᠵᠡᠭᠦᠯᠵᠡᠢ᠃ ᠰᠣᠶᠣᠯ ᠤᠨ ᠬᠥᠰᠢᠶᠡᠨ ᠤ ᠬᠤᠩᠭᠢᠯ ᠳᠤ ᠨᠠᠮ ᠪᠣᠯᠤᠨ ᠲᠥᠷᠥ ᠶᠢᠨ ᠤᠳᠤᠷᠢᠳᠬᠤ ᠬᠥᠮᠦᠰ ᠪᠣᠯᠤᠨ ᠠᠯᠳᠠᠷᠲᠤ ᠤᠷᠠᠨ ᠪᠢᠴᠢᠯᠭᠡᠲᠡᠨ ᠤ 103 ᠤᠷᠠᠨ ᠪᠢᠴᠢᠯᠭᠡ ᠶᠢᠨ ᠪᠦᠲᠦᠭᠡᠯ ᠢ ᠣᠷᠣᠭᠤᠯᠵᠠᠶ᠃ ᠲᠡᠭᠦᠨ ᠤ ᠵᠠᠯᠠᠨ ᠠᠶᠢᠯ ᠳᠠᠬᠢ ᠤᠯᠠ ᠮᠥᠷ ᠢᠶᠠᠷ ᠨᠢᠭᠡᠨ ᠠᠭᠤᠤ ᠶᠡᠭᠡ ᠬᠥᠮᠦᠨ ᠤ ᠠᠭᠤᠤ ᠭᠠᠪᠢᠶ᠎ᠠ ᠠᠤᠭ᠎ᠠ ᠪᠦᠲᠦᠮᠵᠢ ᠶᠢ ᠦᠵᠡᠭᠦᠯᠦᠭᠰᠡᠨ ᠢᠶᠠᠷ ᠳᠠᠮᠵᠢᠨ ᠲᠡᠭᠦᠨ ᠤ ᠡᠭᠡᠯ ᠶᠡᠷᠦᠮᠳᠡᠭ ᠢ ᠢᠯᠡᠷᠡᠭᠦᠯᠵᠡᠶ᠃ ᠲᠡᠦᠬᠡ ᠪᠠ ᠭᠠᠵᠠᠷ ᠣᠷᠣᠨ ᠤ ᠦᠰᠦᠷᠦᠯᠲᠡ ᠪᠠᠷ ᠤᠯᠠᠭᠠᠨᠬᠦᠦ ᠪᠠ ᠵᠠᠯᠠᠨ ᠠᠶᠢᠯ ᠢ ᠨᠢᠭᠲᠠ ᠬᠤᠯᠪᠣᠪᠠ᠃ᠤᠯᠠᠭᠠᠨᠬᠦᠤ ᠨᠥᠬᠦᠷ ᠤᠨ ᠳᠤᠷᠠᠰᠬᠠᠯ ᠤᠨ ᠣᠷᠳᠣᠨ          ᠭᠠᠷᠠᠭ ᠤᠨ ᠬᠤᠶᠠᠷ ᠠᠴᠠ ᠭᠠᠷᠠᠭ ᠤᠨ ᠡᠳᠦᠷ ᠬᠦᠷᠲᠡᠯ᠎ᠡ ᠡᠳᠦᠷ ᠪᠦᠷᠢ 9:00-17:00 ᠴᠠᠭ ᠤᠨ ᠬᠤᠭᠤᠷᠤᠨᠳᠦ ᠨᠡᠭᠡᠭᠡᠨ᠎ᠡ᠃

   
ᠢᠷᠡᠯᠲᠡ᠄ ᠵᠠᠯᠠᠨ ᠠᠢᠢᠯ ᠬᠣᠲᠠ ᠶᠢᠨ ᠵᠠᠰᠠᠭ ᠤᠨ ᠤᠷᠳᠤᠨ