ᠯᠦ ᠮᠢᠩ ᠠᠭᠤᠯᠠᠨ ᠲᠣᠰᠬᠤᠨ
ᠨᠡᠶᠢᠲᠡᠯᠡᠭᠰᠡᠨ ᠴᠠᠭ᠄
2020/9/21
    ᠵᠠᠯᠠᠨ ᠠᠶᠢᠯ ᠬᠤᠲᠠ ᠶᠢᠨ ᠯᠦ ᠮᠢᠩ ᠠᠭᠤᠯᠠᠨ ᠲᠣᠰᠬᠤᠨ ᠬᠥᠯᠥᠨ ᠪᠤᠶᠢᠷ ᠤᠨ ᠵᠠᠯᠠᠨ ᠠᠶᠢᠯ ᠬᠤᠲᠠ ᠶᠢᠨ ᠤᠮᠠᠷᠠᠲᠤ 32 ᠺᠢᠯᠣᠮᠧᠲᠷ ᠤᠨ ᠭᠠᠵᠠᠷ ᠤᠨ ᠨᠠᠮᠤ ᠣᠷᠴᠣᠨ ᠦᠨᠳᠦᠰᠦᠲᠡᠨ ᠤ ᠰᠢᠶᠠᠩ ᠤᠨ ᠬᠢᠯᠢ ᠳᠤ ᠪᠠᠶᠢᠷᠢᠯᠠᠵᠤ ᠪᠠᠶᠢᠨ᠎ᠠ᠃ ᠲᠠᠪᠤᠨ ᠺᠢᠯᠣᠮᠧᠲᠷ ᠤᠨ ᠭᠠᠵᠠᠷ ᠲᠤ ᠵᠠ ︵ᠵᠠᠯᠠᠨ ᠠᠶᠢᠯ︶ ᠪᠥᠸᠧ ︵ᠪᠤᠭᠤᠲᠤ︶ ᠶᠢᠨ ᠵᠠᠰᠠᠮᠠᠯ ᠵᠠᠮ ᠤᠨ ᠰᠢᠭᠤᠳ ᠨᠡᠪᠲᠡᠷᠡᠬᠦ ᠦᠵᠡᠮᠵᠢ ᠶᠢᠨ ᠣᠷᠣᠨ ᠪᠣᠯᠤᠨ᠎ᠠ᠃ ᠵᠠᠯᠠᠨ ᠠᠶᠢᠯ ᠬᠤᠲᠠ ᠠᠴᠠ 40 ᠺᠢᠯᠣᠮᠧᠲᠷ ᠵᠠᠶᠢᠲᠠᠶ᠃ ᠡᠵᠡᠯᠡᠬᠦ ᠲᠠᠯᠠᠪᠠᠶ ᠨᠢ 666.7 ᠾᠧᠺᠲ᠋ᠠᠷ᠃     ᠯᠦ ᠮᠢᠩ ᠠᠭᠤᠯᠠᠨ ᠲᠣᠰᠬᠤᠨ ᠤ ᠦᠵᠡᠮᠵᠢ ᠶᠢᠨ ᠣᠷᠣᠨ ᠤ ᠪᠠᠶᠢᠭᠠᠯᠢ ᠶᠢᠨ ᠡᠬᠢ ᠪᠠᠶᠠᠯᠢᠭ ᠣᠯᠠᠨ ᠠᠴᠠ ᠣᠨᠴᠠᠭᠠᠢ᠂ ᠠᠳᠡᠬᠢ ᠠᠭᠤᠯᠠᠰ᠂ ᠨᠣᠮᠢᠨ ᠤᠰᠤ᠂ ᠣᠶ ᠰᠢᠭᠤᠶ ᠨᠡᠯᠦᠭᠡᠷ ᠠᠭᠤᠳᠠᠮ᠂ ᠲᠠᠯ᠎ᠠ ᠨᠤᠲᠤᠭ ᠥᠷᠭᠡᠨ ᠠᠭᠤᠳᠠᠮ ᠪᠠᠶᠢᠳᠠᠭ᠃ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠮᠠᠰᠢ ᠡᠯᠪᠡᠭ ᠪᠠᠶᠢᠳᠠᠭ᠃ ᠠᠮᠢᠳᠤᠷᠠᠯ ᠨᠢ ᠦᠶ᠎ᠡ ᠤᠯᠠᠷᠢᠨ ᠠᠩ ᠠᠩᠨᠠᠯ ᠢᠶᠠᠷ ᠠᠮᠢᠳᠤᠷᠠᠳᠠᠭ ᠣᠷᠴᠣᠨ ᠬᠥᠮᠦᠨ ᠪᠠᠶᠢᠵᠤ᠂ ᠠᠷᠠᠳ ᠤᠨ ᠵᠠᠩ ᠦᠢᠯᠡ ᠨᠢ ᠭᠦᠨ ᠵᠤᠵᠠᠭᠠᠨ ᠪᠠᠶᠢᠳᠠᠭ᠃ ᠠᠳᠡ ᠬᠠᠪᠤᠷ ᠤᠨ ᠤᠯᠠᠷᠢᠯ ᠳᠤ ᠠᠭᠤᠯᠠᠨ ᠴᠡᠴᠡᠭ ᠮᠢᠷᠠᠯᠵᠠᠨ ᠳᠡᠯᠭᠡᠷᠡᠵᠦ᠂ ᠵᠤᠨ ᠤ ᠤᠯᠠᠷᠢᠯ ᠳᠤ ᠥᠩᠭᠡ ᠢᠯᠭᠠᠷᠠᠨ ᠳᠡᠯᠭᠡᠷᠡᠵᠦ᠂ ᠨᠠᠮᠤᠷ ᠤᠨ ᠤᠯᠠᠷᠢᠯ ᠤᠨ ᠣᠶ ᠰᠢᠭᠤᠶ ᠨᠢ ᠪᠦᠷ ᠪᠤᠳᠤᠭᠳᠠᠵᠤ᠂ ᠡᠪᠦᠯ ᠤᠨ ᠤᠯᠠᠷᠢᠯ ᠤᠨ ᠮᠥᠩᠭᠦᠨ ᠵᠠᠰᠠᠯ ᠴᠠᠭᠠᠨ ᠥᠩᠭᠡ ᠪᠠᠷ ᠪᠠᠭᠯᠠᠵᠠᠶ᠃
    ᠯᠦ ᠮᠢᠩ ᠠᠭᠤᠯᠠᠨ ᠲᠣᠰᠬᠤᠨ ᠳᠤ ᠤᠢ ᠮᠣᠳᠣ ᠪᠥᠷᠬᠦᠵᠦ᠂ ᠭᠤᠣᠯ ᠤᠨ ᠤᠰᠤ ᠴᠠᠯᠭᠢᠯᠠᠨ᠎ᠠ᠃ ᠵᠤᠰᠠᠯᠠᠩ ᠤᠨ ᠳᠣᠲᠣᠷ᠎ᠠ ᠮᠣᠳᠣᠨ ᠰᠡᠶᠢᠯᠦᠮᠡᠯ᠂ ᠮᠣᠩᠭᠤᠯ ᠭᠡᠷ᠂ ᠧᠦ᠋ᠷᠣᠫᠠ ᠮᠠᠶ᠋ᠢᠭ ᠤᠨ ᠮᠣᠳᠣᠨ ᠭᠡᠷ᠂ ᠤᠰᠤᠨ ᠳᠡᠭᠡᠷᠡᠬᠢ ᠬᠤᠭᠤᠯᠠᠨ ᠭᠡᠷ ᠵᠡᠷᠭᠡ ᠶᠠᠩᠵᠤ ᠪᠦᠷᠢ ᠶᠢᠨ ᠬᠡᠯᠪᠡᠷᠢ ᠳᠦᠷᠰᠦ ᠨᠢ ᠥᠪᠡᠷᠮᠢᠴᠡ ᠣᠨᠴᠠᠯᠢᠭ ᠲᠠᠢ᠂ ᠥᠪᠡᠷᠮᠢᠴᠡ ᠬᠡᠪ ᠨᠠᠮᠪᠠ ᠲᠠᠢ ᠪᠠᠷᠢᠯᠭ᠎ᠠ ᠪᠠᠶᠢᠵᠤ᠂ ᠬᠥᠬᠡᠮᠳᠦᠭ ᠠᠭᠤᠯᠠ᠂ ᠨᠣᠭᠤᠭᠠᠨ ᠮᠣᠳᠣ᠂ ᠴᠡᠩᠭᠡᠭ ᠤᠰᠤᠨ ᠤ ᠬᠤᠭᠤᠷᠣᠨᠳᠣ ᠨᠢᠭᠤᠭᠳᠠᠵᠤ᠂ ᠪᠠᠶᠢᠭᠠᠯᠢ ᠶᠢᠨ ᠡᠬᠢ ᠪᠠᠶᠠᠯᠢᠭ ᠪᠣᠯᠤᠨ ᠣᠳᠣ ᠦᠶ᠎ᠡ ᠶᠢᠨ ᠪᠠᠷᠢᠯᠭ᠎ᠠ ᠨᠢ ᠨᠢᠭᠡᠨ ᠪᠦᠷᠢᠨ ᠲᠡᠭᠦᠯᠳᠡᠷ ᠵᠢᠷᠤᠭ ᠲᠠᠢ ᠪᠣᠯᠤᠭᠰᠠᠨ ᠪᠠᠶᠢᠨ᠎ᠠ᠃ ᠦᠵᠡᠮᠵᠢ ᠶᠢᠨ ᠣᠷᠣᠨ ᠪᠣᠯᠤᠨ ᠪᠠᠶᠢᠭᠠᠯᠢ ᠶᠢᠨ ᠣᠷᠴᠢᠨ ᠲᠣᠭᠤᠷᠢᠨ ᠨᠢᠭᠡ ᠴᠣᠭᠴᠠ ᠪᠣᠯᠵᠤ᠂ ᠶᠡᠷᠦ ᠨᠢ ︽ᠤᠮᠠᠷᠠᠲᠤ ᠶᠢᠨ ᠨᠢᠭᠡᠳᠦᠭᠡᠷ ᠬᠥᠪᠦᠮᠡᠯ︾ ᠪᠠᠶᠢᠭᠰᠠᠨ ᠶᠠᠯᠦ ᠭᠤᠣᠯ ᠤᠨ ᠤᠷᠤᠰᠬᠠᠯ ᠤᠨ ᠦᠵᠡᠮᠵᠢᠲᠦ ᠣᠷᠣᠨ ᠤ ︽ᠡᠷᠡᠭᠦᠯ ᠮᠡᠨᠳᠦ᠂ ᠠᠮᠤᠷ ᠲᠦᠪᠰᠢᠨ᠂ ᠡᠮᠬᠢ ᠵᠢᠷᠤᠮ᠂ ᠶᠠᠰᠤ ᠴᠢᠨᠠᠷ᠂ ᠦᠷ᠎ᠡ ᠠᠰᠢᠭ︾ ᠢ ᠨᠢᠭᠡᠳᠬᠡᠬᠦ ᠬᠠᠷᠠᠯᠲᠠ ᠶᠢ ᠪᠡᠶᠡᠯᠡᠭᠦᠯᠵᠡᠶ᠃ ᠡᠯ᠎ᠡ ᠵᠦᠶ᠋ᠯ ᠤᠨ ᠭᠦᠶ᠋ᠴᠡᠳᠬᠡᠯ ᠲᠤᠭ᠎ᠠ ᠵᠢᠯ ᠳᠠᠷᠠᠭᠠᠯᠠᠨ ᠶᠡᠭᠡ ᠪᠠᠷ ᠨᠡᠮᠡᠭᠳᠡᠵᠦ᠂ ᠢᠷᠠᠭᠤ ᠠᠯᠳᠠᠷ ᠤᠨ ᠬᠡᠮᠵᠢᠶ᠎ᠡ ᠶᠡᠭᠡ ᠪᠠᠷ ᠳᠡᠭᠡᠭᠰᠢᠯᠡᠪᠡ᠃     ᠯᠦ ᠮᠢᠩ ᠠᠭᠤᠯᠠᠨ ᠲᠣᠰᠬᠤᠨ ᠤ ᠦᠵᠡᠮᠵᠢ ᠶᠢᠨ ᠣᠷᠣᠨ ᠳᠤ ᠬᠥᠪᠪᠥᠨ ᠤᠷᠤᠰᠬᠤ ᠭᠠᠷᠠᠮ᠂ ᠲᠡᠷᠭᠡᠨ ᠵᠣᠭᠰᠣᠭᠠᠯ᠂ ᠵᠢᠭᠠᠰᠤ ᠲᠡᠵᠢᠭᠡᠬᠦ ᠲᠠᠲᠠᠭᠠᠯ᠂ ᠵᠢᠮᠢᠰ ᠤᠨ ᠰᠠᠭᠤᠷᠢᠨ ᠭᠠᠵᠠᠷ᠂ ᠬᠦᠯᠢᠶᠡᠨ ᠠᠪᠬᠤ ᠶᠡᠭᠡ ᠲᠢᠩᠬᠢᠮ᠂ ᠬᠡᠪ ᠨᠠᠮᠪᠠᠷ ᠲᠠᠢ ᠮᠣᠳᠣᠨ ᠥᠷᠥᠭᠡ᠂ ᠬᠤᠭᠤᠯᠠᠨ ᠭᠡᠷ ᠵᠡᠷᠭᠡ ᠰᠡᠯᠡᠭᠦᠴᠡᠯ ᠤᠨ ᠲᠠᠯᠠᠪᠤᠷ ᠪᠠᠶᠢᠨ᠎ᠠ᠃ ᠵᠢᠮᠢᠰ ᠢᠳᠡᠰᠢᠨ ᠨᠣᠭᠤᠭᠠᠨ ᠤ ᠰᠠᠭᠤᠷᠢᠨ ᠭᠠᠵᠠᠷ 400 ᠮᠥ᠂ ᠠᠭᠤᠯᠠᠨ ᠭᠠᠷᠤᠯᠲᠠ ᠪᠣᠷᠣᠯᠠᠭᠤᠯᠬᠤ ᠭᠠᠵᠠᠷ 1᠂ ᠵᠢᠭᠠᠰᠤ ᠲᠡᠵᠢᠭᠡᠬᠦ ᠴᠥᠭᠦᠷᠥᠮ 1᠂ ᠬᠥᠪᠪᠥᠮᠡᠯ ᠣᠩᠭᠤᠴᠠ 300 ᠭᠠᠷᠤᠶ ᠪᠠᠶᠢᠨ᠎ᠠ᠃ ᠲᠥᠬᠦᠭᠡᠷᠦᠮᠵᠢ ᠪᠦᠷᠢᠨ᠂ ᠴᠢᠳᠠᠮᠵᠢ ᠪᠦᠷᠢᠨ᠂ ᠨᠢᠭᠡ ᠯᠡ ᠤᠳᠠᠭ᠎ᠠ ᠳᠤ 800 ᠬᠥᠮᠦᠨ ᠤ ᠬᠤᠭᠤᠯᠠ ᠪᠠ ᠬᠤᠨᠤᠭ ᠢ ᠬᠠᠩᠭᠠᠵᠤ᠂ ᠵᠢᠯ ᠪᠦᠷᠢ 3 ᠲᠦᠮᠡ ᠭᠠᠷᠤᠶ ᠵᠢᠭᠤᠯᠴᠢᠯᠠᠭᠴᠢᠳ ᠢ ᠭᠥᠯᠢᠶᠡᠨ ᠠᠪᠴᠤ ᠪᠣᠯᠤᠨ᠎ᠠ᠃
ᠢᠷᠡᠯᠲᠡ᠄ ᠵᠠᠯᠠᠨ ᠠᠢᠢᠯ ᠬᠣᠲᠠ ᠶᠢᠨ ᠵᠠᠰᠠᠭ ᠤᠨ ᠤᠷᠳᠤᠨ