ᠬᠥᠯᠦᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠳᠠ ᠶᠢᠨ ᠪᠦᠯᠦᠭᠯᠡᠯ ᠤᠨ ᠨᠠᠮᠤᠷ ᠤᠨ ᠬᠤᠷᠢᠶᠠᠯᠳᠠ ᠶᠢᠨ ᠠᠵᠢᠯ ᠤᠷᠤᠭᠰᠢᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2020/9/23
     8 ᠰᠠᠷ᠎ᠠ ᠶᠢᠨ ᠲᠤᠮᠳᠠᠴᠢ ᠠᠴᠠ ᠡᠬᠢᠯᠡᠡ ᠬᠦᠯᠦᠨ ᠪᠤᠶᠢᠷ ᠤᠨ ᠲᠠᠷᠢᠶᠠᠯᠠᠩ ᠤᠨ ᠠᠳᠠᠷ ᠬᠠᠭᠠᠯᠪᠤᠷᠢᠯᠠᠯᠳᠠ ᠶᠢᠨ ᠪᠦᠯᠦᠭᠯᠡᠯ ᠤᠨ ᠨᠠᠮᠤᠷ ᠤᠨ ᠬᠤᠷᠢᠶᠠᠯᠳᠠ ᠶᠢᠨ ᠠᠵᠢᠯ ᠡᠬᠢᠯᠠᠯ᠎ᠠ᠃ ᠨᠠᠮᠤᠷ ᠤᠨ ᠬᠤᠷᠢᠶᠠᠯᠳᠠ ᠶᠢᠨ ᠠᠵᠢᠯ ᠤᠨ ᠤᠷᠤᠠᠠᠰᠢᠳᠠᠢ ᠶᠠᠪᠤᠠᠠᠳᠠᠬᠤ ᠶᠢ ᠪᠠᠳᠤᠯᠠᠬᠤ ᠶᠢᠨ ᠲᠦᠯᠦᠭᠡ ᠲᠤᠰ ᠪᠦᠯᠦᠭᠯᠡᠯ 8 ᠰᠠᠷ᠎ᠠ ᠶᠢᠨ ᠡᠬᠢᠨ ᠢᠶᠠᠷ ᠲᠠᠷᠤᠢ ᠨᠠᠮᠤᠷ ᠤᠨ ᠬᠤᠷᠢᠶᠠᠯᠳᠠ ᠶᠢᠨ ᠲᠤᠬᠠᠢ ᠶᠢᠨ ᠲᠠᠯᠠᠪᠤᠷ ᠤᠨ ᠬᠤᠷᠠᠯ ᠬᠢᠵᠦ᠂ ᠬᠤᠷᠢᠶᠠᠯᠳᠠ ᠠᠴᠠ ᠡᠮᠤᠨᠡᠬᠢ ᠡᠯ᠎ᠠ ᠵᠦᠢᠯ ᠤᠨ ᠠᠵᠢᠯ ᠢᠶᠠᠨ ᠪᠠᠶᠢᠷᠢᠯᠠᠭᠤᠯᠵᠦ᠂ ᠮᠦᠬᠦᠯᠢᠭ ᠠᠮᠤ ᠶᠢ ᠴᠦ ᠭᠡᠭᠡᠭᠳᠡᠭᠦᠯᠬᠦ ᠦᠭᠡᠢ ᠪᠠᠶᠢᠬᠤ ᠶᠢ ᠪᠠᠳᠤᠯᠠᠵᠦ ᠪᠠᠶᠢᠨ᠎ᠠ᠃     ᠲᠠᠷᠢᠶᠠᠯᠠᠩ ᠮᠠᠯᠵᠢᠯ ᠤᠨ ᠲᠠᠯᠠᠪᠠᠢ ᠡᠨᠡ ᠵᠢᠯ 38.1 ᠲᠦᠮᠡᠡ ᠮᠦ ᠲᠠᠷᠢᠶ᠎ᠠ ᠲᠠᠷᠢᠪᠠ᠃ ᠨᠠᠮᠤᠷ ᠤᠨ ᠬᠤᠷᠢᠶᠠᠯᠳᠠ ᠶᠢᠨ ᠠᠵᠢᠯ ᠤᠨ ᠠᠮᠵᠢᠯᠳᠠᠳᠠᠢ ᠶᠠᠪᠤᠠᠠᠳᠠᠬᠤ ᠶᠢ ᠪᠠᠳᠤᠯᠠᠬᠤ ᠶᠢᠨ ᠲᠦᠯᠦᠭᠡ ᠲᠤᠰ ᠲᠠᠯᠠᠪᠠᠢ ᠶᠢᠨ ᠬᠢᠨ ᠡᠷᠳᠡ ᠬᠦᠳᠡᠯᠦᠯᠴᠡᠵᠦ᠂ ᠡᠷᠳᠡ ᠪᠠᠶᠢᠷᠢᠯᠠᠭᠤᠯᠤᠨ᠂ ᠬᠠᠳᠤᠬᠤ ᠮᠠᠰᠢᠨ᠂ ᠲᠡᠭᠡᠭᠡᠪᠤᠷᠢᠯᠡᠬᠦ ᠮᠠᠰᠢᠨ᠂ ᠬᠠᠳᠠᠭᠠᠬᠤ ᠮᠠᠰᠢᠨ ᠵᠡᠷᠭᠡ ᠪᠠᠨ ᠰᠠᠶᠢᠳᠤᠷ ᠰᠡᠯᠪᠢᠨ ᠵᠠᠰᠠᠵᠦ᠂ ᠪᠠᠰᠠ 19 ᠰᠠᠤᠷᠢ ᠬᠠᠳᠤᠬᠤ ᠮᠠᠰᠢᠨ ᠬᠦᠯᠦᠰᠦᠯᠡᠵᠠᠢ᠃ ᠬᠡᠰᠡᠭ ᠦᠢᠯᠡᠳᠪᠤᠷᠢᠯᠡᠯ ᠤᠨ ᠪᠠᠷᠢᠭᠠᠳᠠ ᠶᠢᠨ ᠪᠤᠭᠤᠳᠠᠢ ᠶᠢᠨ ᠲᠠᠯᠠᠪᠠᠢ ᠪᠤᠯᠤᠨ ᠬᠠᠳᠠᠭᠠᠬᠤ ᠰᠤᠪᠤᠷᠭ᠎ᠠ ᠬᠠᠭᠤᠴᠢᠷᠬᠠᠰᠠᠠ ᠪᠠᠶᠢᠳᠠᠯ ᠳᠤ ᠴᠢᠭᠯᠡᠭᠦᠯᠵᠦ᠂ ᠲᠡᠨᠢᠭᠡ ᠲᠠᠷᠢᠶᠠᠯᠠᠩ ᠤᠨ ᠲᠠᠯᠠᠪᠠᠢ ᠡᠨᠡ ᠵᠢᠯ ᠲᠤᠯᠤᠳᠤᠭᠠᠷ ᠦᠢᠯᠡᠳᠪᠤᠷᠢᠯᠡᠯ ᠤᠨ ᠪᠠᠷᠢᠭᠠᠳᠠ ᠳᠤ 2 ᠲᠦᠮᠡᠡ ᠲᠡᠭᠰᠢ ᠲᠦᠷᠪᠡᠯᠵᠢᠨ ᠮᠧᠳ᠋ᠷ ᠤᠨ ᠱᠦᠢᠨᠢ ᠬᠠᠳᠠᠭᠠᠬᠤ ᠲᠠᠯᠠᠪᠠᠢ ᠪᠤᠯᠤᠨ ᠡᠳᠤᠷ ᠲᠤ 300 ᠲᠤᠨ ᠠᠮᠤ ᠪᠤᠳᠠᠭ᠎ᠠ ᠬᠠᠳᠠᠭᠠᠬᠤ ᠰᠤᠪᠤᠷᠭ᠎ᠠ ᠶᠢ ᠰᠢᠨ᠎ᠠ ᠪᠠᠷ ᠪᠠᠶᠢᠭᠤᠯᠵᠦ᠂ ᠨᠠᠮᠤᠷ ᠤᠨ ᠬᠤᠷᠢᠶᠠᠯᠳᠠ ᠶᠢᠨ ᠠᠵᠢᠯ ᠤᠨ ᠤᠷᠤᠠᠠᠰᠢᠳᠠᠢ ᠶᠠᠪᠤᠠᠠᠳᠠᠬᠤ ᠳᠤ ᠪᠠᠳᠤ ᠰᠠᠭᠤᠷᠢ ᠶᠢ ᠲᠠᠯᠪᠢᠵᠠᠢ᠃    ᠡᠨᠡ ᠵᠢᠯ ᠡᠮᠤᠨᠡᠬᠢ ᠬᠤᠭᠤᠴᠠᠭᠠᠠ ᠤ ᠦᠠᠳᠤᠷ ᠬᠠᠯᠠᠭᠤᠨ᠂ ᠭᠠᠩ ᠬᠠᠭᠰᠠᠷᠠᠭᠠᠠ᠂ ᠪᠤᠷᠤᠭᠠᠠ ᠪᠠᠭ᠎ᠠ ᠪᠤᠯᠤᠨ ᠰᠡᠭᠦᠯᠴᠢ ᠶᠢᠨ ᠬᠤᠭᠤᠴᠠᠭᠠᠠ ᠤ ᠲᠤᠤᠷ᠎ᠠ ᠲᠤᠯᠠᠭᠠᠠ᠂ ᠪᠤᠷᠤᠭᠠᠠ ᠶᠡᠭᠡ ᠵᠡᠷᠭᠡ ᠠᠭᠤᠷ ᠠᠮᠢᠰᠬᠤᠯ ᠨᠢ ᠠᠮᠤ ᠪᠤᠳᠠᠭᠠᠠ ᠤ ᠦᠢᠯᠡᠳᠪᠤᠷᠢᠯᠡᠯ ᠳᠤ ᠤᠷᠢᠳ ᠡᠮᠤᠨ᠎ᠠ ᠪᠠᠶᠢᠭ᠎ᠠ ᠦᠭᠡᠢ ᠬᠦᠴᠢᠷᠳᠡᠯ ᠠᠪᠴᠢᠷᠠᠵᠦ ᠦᠭᠭᠦᠭᠰᠡᠡ ᠪᠠᠶᠢᠨ᠎ᠠ᠃ ᠡᠭᠦᠨ ᠳᠤ ᠬᠦᠯᠦᠨ ᠪᠤᠶᠢᠷ ᠤᠨ ᠲᠠᠷᠢᠶᠠᠯᠠᠩ ᠤᠨ ᠠᠳᠠᠷ ᠬᠠᠭᠠᠯᠪᠤᠷᠢᠯᠠᠯᠳᠠ ᠶᠢᠨ ᠪᠦᠯᠦᠭᠯᠡᠯ ᠤᠨ ᠬᠢᠨ ᠡᠷᠳᠡ ᠠᠴᠠ ᠪᠡᠯᠡᠳᠭᠡᠵᠦ᠂ ᠪᠤᠬᠢᠷᠳᠤᠯ ᠦᠭᠡᠶᠢᠵᠢᠭᠦᠯᠬᠦ᠂ ᠴᠢᠨᠠᠷᠵᠢᠭᠤᠯᠬᠤ᠂ ᠤᠠᠴᠠᠯᠢᠠᠠᠵᠢᠭᠤᠯᠬᠤ᠂ ᠲᠦᠷᠦᠯ ᠲᠡᠮᠳᠡᠭᠵᠢᠭᠦᠯᠬᠦ ᠱᠠᠭᠠᠷᠳᠠᠯᠭ᠎ᠠ ᠪᠠᠷ᠂ ᠠᠮᠤ ᠲᠤᠰᠤᠨ ᠤ ᠦᠢᠯᠡᠳᠪᠤᠷᠢᠯᠡᠬᠦ ᠴᠢᠳᠠᠪᠤᠷᠢ ᠶᠢ ᠲᠤᠠᠠᠳᠠᠭᠤᠨ ᠪᠠᠶᠢᠯᠭᠠᠠᠠᠰᠠᠠ ᠰᠠᠭᠤᠷᠢᠨ ᠲᠡᠭᠡᠷ᠎ᠠ ᠲᠦᠷᠦᠯ ᠵᠦᠢᠯ ᠤᠨ ᠪᠦᠳᠦᠴᠡ᠂ ᠶᠠᠰᠤ ᠴᠢᠨᠠᠷ ᠤᠨ ᠪᠦᠳᠦᠴᠡ ᠪᠤᠯᠤᠨ ᠲᠦᠷᠦᠯ ᠲᠡᠮᠳᠡᠭ ᠤᠨ ᠪᠦᠳᠦᠴᠡ ᠶᠢ ᠰᠢᠯᠢᠳᠡᠭᠵᠢᠭᠦᠯᠪᠡ᠃ ᠦᠠᠳᠤᠷ ᠪᠠᠷᠢᠮᠵᠢᠶ᠎ᠠ ᠪᠦᠭᠦᠢ ᠲᠠᠷᠢᠶᠠᠠ ᠭᠠᠵᠠᠷ ᠤᠨ ᠪᠦᠳᠦᠭᠡᠨ ᠪᠠᠶᠢᠭᠤᠯᠤᠯᠳᠠ᠂ ᠤᠰᠤ ᠠᠷᠪᠢᠯᠠᠬᠤ ᠤᠰᠤᠯᠠᠯᠳᠠ ᠶᠢᠨ ᠢᠠᠵᠧᠨᠧᠷᠢᠩ ᠪᠤᠯᠤᠨ ᠠᠮᠤ ᠪᠤᠳᠠᠭ᠎ᠠ ᠬᠦᠮᠦᠷᠭᠡᠯᠡᠬᠦ ᠲᠤᠨᠤᠭ ᠲᠦᠭᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠲᠦᠷᠭᠡᠳᠭᠡᠨ ᠲᠦᠯᠬᠢᠨ ᠠᠬᠢᠭᠤᠯᠵᠦ᠂ ᠲᠠᠷᠢᠶᠠᠯᠠᠩ ᠤᠨ ᠮᠠᠰᠢᠨ ᠪᠠᠭᠠᠵᠢ ᠪᠠᠨ ᠰᠢᠨᠡᠴᠢᠯᠡᠵᠦ᠂ ᠭᠤᠤᠯ ᠪᠤᠯᠬᠤ ᠲᠠᠷᠢᠮᠠᠯ ᠤᠨ ᠬᠠᠭᠠᠯᠪᠤᠷᠢᠯᠠᠬᠤ᠂ ᠲᠠᠷᠢᠬᠤ᠂ ᠬᠤᠷᠢᠶᠠᠬᠤ ᠶᠠᠪᠤᠴᠠ ᠶᠢ ᠮᠠᠰᠢᠠᠴᠢᠯᠬᠠᠰᠠᠠ ᠬᠡᠮᠵᠢᠶ᠎ᠠ ᠶᠢ 99.9% ᠳᠤ ᠬᠦᠷᠭᠡᠵᠠᠢ᠃ ᠲᠤᠮᠳᠠᠴᠢ ᠦᠶ᠎ᠠ ᠪᠤᠯᠤᠭᠠᠳ ᠰᠢᠠᠵᠢᠯᠡᠬᠦ ᠤᠬᠠᠭᠠᠠᠴᠢ ᠪᠠᠷ ᠬᠢᠨᠠᠠ ᠬᠠᠮᠢᠶᠠᠷᠴᠦ᠂ ᠭᠠᠮᠰᠢᠭ ᠢ ᠰᠡᠷᠭᠡᠶᠢᠯᠡᠬᠦ᠂ ᠭᠠᠮᠰᠢᠭ ᠤᠨ ᠬᠤᠬᠢᠷᠠᠯ ᠢ ᠪᠠᠭᠠᠰᠬᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠦ᠂ ᠴᠠᠭ ᠠᠭᠤᠷ᠂ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠡᠯ ᠵᠡᠷᠭᠡ ᠰᠠᠯᠠᠭ᠎ᠠ ᠮᠦᠴᠢᠷ ᠯᠦᠭᠡ ᠶᠢᠨ ᠬᠠᠮᠳᠤᠷᠠᠯᠴᠠᠭ᠎ᠠ ᠪᠠᠨ ᠴᠢᠩᠭᠠᠳᠬᠠᠪᠠ᠃ ᠡᠨᠡ ᠵᠢᠯ ᠤᠨ 6᠂ 7 ᠰᠠᠷ᠎ᠠ ᠳᠤ ᠴᠠᠭ ᠠᠭᠤᠷ ᠤᠨ ᠰᠠᠯᠠᠭ᠎ᠠ ᠮᠦᠴᠢᠷ ᠲᠠᠢ ᠬᠠᠮᠵᠢᠯᠴᠠᠨ᠂ ᠬᠠᠳᠠᠳᠤ᠂ ᠯᠠᠪᠳᠠᠯᠢᠨ᠂ ᠰᠠᠠ ᠾᠧ ᠪᠤᠯᠤᠨ ᠱᠡᠩᠺᠦ᠋ᠯᠢ ᠵᠡᠷᠭᠡ ᠭᠠᠵᠠᠷ ᠤᠷᠤᠨ ᠳᠤ ᠪᠤᠷᠤᠭᠠᠠ ᠤᠷᠤᠭᠤᠯᠬᠤ ᠠᠵᠢᠯ ᠢ ᠦᠷᠨᠢᠭᠦᠯᠵᠦ᠂ ᠭᠠᠩ ᠤᠨ ᠪᠠᠶᠢᠳᠠᠯ ᠢ ᠲᠠᠶᠢᠯᠵᠦ᠂ ᠡᠨᠡ ᠵᠢᠯ ᠤᠨ ᠠᠮᠤ ᠪᠤᠳᠠᠭᠠᠠ ᠤ ᠭᠠᠷᠤᠯᠳᠠ ᠶᠢ ᠲᠤᠠᠠᠳᠠᠭᠤᠨ ᠪᠠᠶᠢᠯᠭᠠᠬᠤ ᠳᠤ ᠰᠠᠭᠤᠷᠢ ᠲᠠᠯᠪᠢᠵᠠᠢ᠃     ᠨᠠᠮᠤᠷ ᠤᠨ ᠪᠤᠷᠤᠭᠠᠠ ᠦᠷᠭᠦᠯᠵᠢᠯᠡᠵᠦ ᠪᠠᠶᠢᠭ᠎ᠠ ᠪᠠᠶᠢᠳᠠᠯ ᠳᠤ ᠴᠢᠭᠯᠡᠭᠦᠯᠦᠨ ᠲᠡᠨᠢᠭᠡ ᠲᠠᠷᠢᠶᠠᠯᠠᠩ ᠮᠠᠯᠵᠢᠯ ᠤᠨ ᠲᠠᠯᠠᠪᠠᠢ ᠠᠰᠢᠭ ᠲᠠᠢ ᠴᠠᠭ ᠢ ᠵᠠᠪᠳᠤᠵᠦ᠂ ᠪᠦᠬᠦ ᠲᠠᠷᠢᠶᠠᠯᠠᠩ ᠤᠨ ᠮᠠᠰᠢᠨ ᠢᠶᠠᠨ ᠬᠦᠳᠡᠯᠭᠡᠵᠦ ᠲᠦᠪᠯᠡᠷᠡᠭᠦᠯᠦᠨ ᠠᠮᠤ ᠪᠤᠳᠠᠭ᠎ᠠ ᠪᠠᠨ ᠬᠤᠷᠢᠶᠠᠵᠦ᠂ ᠲᠤᠩᠭᠠᠯᠠᠭ ᠡᠳᠤᠷ ᠪᠤᠭᠤᠳᠠᠢ ᠶᠢᠨ ᠵᠦᠢᠯ ᠢ ᠬᠤᠷᠢᠶᠠᠵᠦ᠂ ᠪᠦᠷᠬᠦᠭ ᠡᠳᠤᠷ ᠪᠤᠯᠤᠨ ᠰᠦᠨᠢ ᠪᠠᠷ ᠰᠢᠯᠢᠮᠳᠡᠭ ᠢᠶᠠᠨ ᠵᠠᠪᠳᠤᠨ ᠬᠤᠷᠢᠶᠠᠵᠦ ᠪᠠᠶᠢᠨ᠎ᠠ᠃ ᠲᠠᠷᠢᠮᠠᠯ ᠤᠨ ᠪᠤᠯᠪᠠᠰᠤᠷᠬᠠᠰᠠᠠ ᠪᠠᠶᠢᠳᠠᠯ ᠢ ᠦᠠᠳᠤᠰᠦᠯᠡᠵᠦ᠂ ᠲᠠᠷᠢᠶ᠎ᠠ ᠪᠠᠨ ᠬᠡᠰᠡᠭ ᠬᠤᠪᠢᠶᠠᠵᠦ ᠬᠤᠷᠢᠶᠠᠵᠦ ᠪᠤᠢ᠃ ᠲᠡᠳᠡ ᠠᠮᠤ ᠪᠤᠳᠠᠭᠠᠠ ᠤ ᠬᠤᠷᠢᠶᠠᠯᠳᠠ ᠶᠢᠨ ᠴᠢᠨᠠᠷ ᠢ ᠪᠠᠳᠤᠯᠬᠠᠰᠠᠠ ᠤᠷᠢᠳᠠᠯ ᠲᠤᠤᠷ᠎ᠠ ᠬᠤᠷᠢᠶᠠᠯᠳᠠ ᠶᠢᠨ ᠠᠬᠢᠴᠠ ᠪᠠᠨ ᠲᠦᠷᠭᠡᠳᠭᠡᠵᠦ᠂ ᠴᠠᠭ ᠢ ᠵᠠᠪᠳᠤᠨ ᠬᠤᠷᠢᠶᠠᠵᠦ᠂ ᠬᠤᠬᠢᠷᠠᠯ ᠢᠶᠠᠨ ᠪᠠᠭᠠᠰᠬᠠᠵᠦ᠂ ᠭᠠᠷᠤᠯᠳᠠ ᠪᠠᠨ ᠨᠡᠮᠡᠭᠳᠡᠭᠦᠯᠵᠦ᠂ ᠮᠦᠬᠦᠯᠢᠭ ᠠᠮᠤ ᠶᠢ ᠴᠦ ᠭᠡᠭᠡᠭᠳᠡᠭᠦᠯᠬᠦ ᠦᠭᠡᠢ ᠪᠠᠷ ᠴᠢᠷᠮᠠᠶᠢᠵᠦ ᠪᠤᠢ᠃ ᠬᠠᠮᠳᠤ ᠳᠤᠨᠢ 42 ᠰᠠᠭᠤᠷᠢ ᠠᠮᠤ ᠪᠤᠳᠠᠭ᠎ᠠ ᠬᠠᠳᠠᠭᠠᠬᠠᠤ ᠰᠤᠪᠤᠷᠭ᠎ᠠ ᠪᠤᠯᠤᠨ ᠰᠠᠯᠬᠢᠨ ᠳᠤ ᠬᠠᠳᠠᠭᠠᠬᠤ ᠬᠦᠮᠦᠷᠭᠡ ᠶᠢᠨ ᠦᠢᠯᠡᠳᠤᠯ ᠢ ᠬᠦᠢᠴᠡᠳ ᠪᠠᠳᠠᠷᠠᠭᠤᠯᠵᠦ᠂ ᠲᠤᠤᠷ᠎ᠠ ᠲᠤᠯᠠᠭᠠᠠ ᠳᠤ ᠬᠠᠳᠠᠭᠠᠬᠤ ᠠᠷᠭ᠎ᠠ ᠠᠪᠴᠦ᠂ ᠠᠮᠤ ᠲᠤᠰᠤᠨ ᠤ ᠴᠢᠨᠠᠷ ᠢ ᠪᠠᠳᠤᠯᠠᠵᠦ ᠪᠠᠶᠢᠨ᠎ᠠ᠃ ᠬᠡᠰᠡᠭ ᠪᠦᠯᠦᠭ ᠬᠤᠪᠢᠶᠠᠠ ᠰᠤᠩᠭᠤᠵᠦ᠂ ᠪᠤᠷᠤᠯᠠᠭᠤᠯᠬᠤ ᠪᠠᠷᠢᠮᠵᠢᠶᠠᠠ ᠳᠤ ᠬᠦᠷᠦᠭᠰᠡᠡ ᠲᠠᠧᠠᠷ ᠤᠨ ᠠᠮᠤ ᠲᠤᠰᠤ ᠶᠢ ᠲᠡᠰ ᠬᠤᠪᠢᠶᠠᠵᠦ ᠬᠦᠮᠦᠷᠭᠡᠯᠡᠡ ᠬᠠᠳᠠᠭᠠᠯᠠᠵᠦ ᠪᠤᠢ᠃
   ᠲᠤᠰ ᠲᠠᠷᠢᠶᠠᠯᠠᠩ ᠤᠨ ᠲᠠᠯᠠᠪᠠᠢ ᠤᠷᠤᠭᠤᠯᠵᠦ ᠪᠤᠷᠤᠯᠠᠭᠤᠯᠤᠨ
ᠬᠠᠳᠠᠭᠠᠯᠠᠬᠤ ᠰᠢᠰᠲ᠋ᠧᠮ ᠢ ᠠᠰᠢᠠᠠᠯᠠᠵᠦ᠂ ᠬᠦᠮᠦᠷᠭᠡᠯᠡᠭᠰᠡᠡ ᠠᠮᠤ ᠪᠤᠳᠠᠭᠠᠠ ᠤ ᠬᠠᠮᠢᠶᠠᠷᠤᠯᠳᠠ ᠳᠤ ᠡᠯᠧᠺᠲᠷᠤᠠᠴᠢᠯᠬᠠᠰᠠᠠ ᠬᠠᠮᠢᠶᠠᠷᠤᠯᠳᠠ ᠶᠢ ᠬᠡᠷᠡᠭᠵᠢᠭᠦᠯᠵᠦ᠂ ᠬᠦᠮᠦᠷᠭᠡ ᠠᠴᠠ ᠤᠷᠤᠭᠤᠯᠵᠦ ᠭᠠᠷᠭᠠᠬᠤ ᠭᠠᠷ ᠬᠦᠢᠴᠡᠳᠭᠡᠯ ᠢ ᠴᠢᠩᠭ᠎ᠠ ᠭᠡᠷᠡᠭᠵᠢᠬᠦᠯᠵᠤ ᠪᠠᠶᠢᠨ᠎ᠠ᠃ ᠲᠠᠷᠢᠶᠠᠯᠠᠩ ᠤᠨ ᠪᠦᠳᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠦᠷᠳᠡᠬᠦ ᠰᠢᠰᠲ᠋ᠧᠮ ᠢ ᠬᠠᠮᠠᠭᠠᠯᠠᠬᠤ ᠠᠵᠢᠯ ᠢ ᠴᠢᠬᠤᠯᠠᠴᠢᠯᠠᠵᠦ᠂ ᠲᠠᠷᠢᠶᠠᠯᠠᠩ ᠤᠨ ᠬᠠᠮᠢᠶ᠎ᠠ ᠲᠠᠢ ᠰᠤᠷᠠᠭ ᠵᠠᠩᠭᠢ ᠶᠢ ᠴᠠᠭ ᠲᠤᠬᠠᠢ ᠳᠤᠨᠢ ᠤᠷᠤᠭᠤᠯᠵᠦ᠂ ᠵᠢᠩ ᠳ᠋ᠦᠩ ᠲᠠᠷᠢᠶᠠᠯᠠᠩ ᠤᠨ ᠲᠠᠯᠠᠪᠠᠢ ᠶᠢᠨ ᠤᠶᠤᠠᠴᠢ ᠲᠠᠷᠢᠶᠠᠯᠠᠩ ᠤᠨ ᠰᠢᠰᠲ᠋ᠧᠮ ᠢᠶᠠᠷ ᠲᠠᠮᠵᠢᠨ ᠰᠢᠯᠢᠮᠳᠡᠭ ᠤᠨ ᠶᠠᠰᠤ ᠴᠢᠨᠠᠷ ᠲᠤ ᠬᠢᠨᠠᠯᠳᠠ ᠬᠠᠮᠢᠶᠠᠷᠤᠯᠳᠠ ᠬᠢᠬᠦ ᠡᠷᠴᠢᠮ ᠢᠶᠠᠨ ᠴᠢᠩᠭᠠᠷᠠᠭᠤᠯᠵᠦ᠂ ᠤᠯᠠᠠ ᠲᠠᠯ᠎ᠠ ᠪᠠᠷ ᠲᠠᠷᠢᠶᠠᠯᠠᠩ ᠤᠨ ᠪᠦᠳᠦᠭᠡᠭᠳᠡᠭᠦᠨ ᠤ ᠶᠠᠰᠤ ᠴᠢᠨᠠᠷ ᠢ ᠪᠠᠳᠤᠯᠠᠵᠦ ᠂ ᠲᠠᠷᠢᠶᠠᠯᠠᠩ ᠤᠨ ᠲᠠᠯᠠᠪᠠᠢ ᠶᠢᠨ ᠦᠨᠡᠠᠴᠢ ᠢᠳᠡᠭᠡᠯ ᠢ ᠡᠷᠬᠢᠮᠯᠡᠬᠦ᠂ ᠲᠦᠷᠦᠯ ᠲᠡᠮᠳᠡᠭ ᠢ ᠡᠭᠦᠳᠬᠦ᠂ ᠵᠠᠬ᠎ᠠ ᠲᠡᠯᠭᠡᠭᠦᠷ ᠢ ᠨᠡᠭᠡᠭᠡᠬᠦ᠂ ᠤᠠᠴᠠᠭᠠᠢᠢᠯᠠᠠ ᠠᠮᠤ ᠲᠤᠰᠤᠨ ᠤ ᠪᠤᠷᠤᠯᠠᠭᠤᠯᠤᠯᠳᠠ ᠳᠤ ᠨᠠᠶᠢᠳᠠᠪᠤᠷᠢᠳᠠᠢ ᠪᠠᠳᠤᠯᠠᠭ᠎ᠠ ᠬᠠᠨᠭ᠍ᠭᠠᠵᠦ ᠪᠠᠶᠢᠨ᠎ᠠ᠃     ᠪᠤᠭᠤᠳᠠᠢ ᠶᠢᠨ ᠲᠠᠯᠠᠪᠠᠢ ᠶᠢᠨ ᠲᠠᠷᠤᠭᠠᠰᠤ ᠶᠢ ᠨᠠᠮᠳᠠᠭᠤᠯᠬᠤ ᠶᠢᠨ ᠲᠦᠯᠦᠭᠡ᠂ ᠠᠳᠠᠷ ᠬᠠᠭᠠᠯᠪᠤᠷᠢᠯᠠᠯᠳᠠ ᠶᠢᠨ ᠤᠷᠤᠨ ᠤ ᠡᠯ᠎ᠠ ᠲᠠᠷᠢᠶᠠᠯᠠᠩ ᠮᠠᠯᠵᠢᠯ ᠤᠨ ᠲᠠᠯᠠᠪᠠᠢ ᠠᠮᠤ ᠪᠤᠳᠠᠭ᠎ᠠ ᠪᠠᠨ ᠬᠤᠷᠢᠶᠠᠬᠤ᠂ ᠬᠠᠳᠠᠭᠠᠬᠤ᠂ ᠬᠦᠮᠦᠷᠭᠡᠯᠡᠬᠦ᠂ ᠪᠤᠷᠤᠯᠠᠭᠤᠯᠬᠤ ᠶᠢ ᠲᠠᠷᠤᠢ ᠳᠤᠨᠢ ᠶᠠᠪᠤᠠᠠᠳᠠᠭᠤᠯᠵᠦ ᠪᠠᠶᠢᠨ᠎ᠠ᠃ ᠠᠮᠤ ᠪᠤᠳᠠᠭᠠᠠ ᠤ ᠵᠠᠬᠢᠶᠠᠯᠠᠭ᠎ᠠ ᠶᠢᠨ ᠦᠢᠯᠡᠳᠪᠤᠷᠢᠯᠡᠯ ᠢ ᠵᠠᠪᠳᠤᠵᠦ᠂ ᠤᠯᠤᠰ ᠤᠨ ᠲᠤᠳᠤᠭᠠᠳᠤ ᠭᠠᠳᠠᠭᠠᠳᠤ ᠶᠢᠨ ᠲᠤᠮᠤ ᠬᠡᠯᠪᠡᠷᠢ ᠶᠢᠨ ᠠᠮᠤ ᠪᠤᠳᠠᠭᠠᠠ ᠤ ᠠᠷᠠᠯᠵᠢᠶ᠎ᠠ ᠶᠢᠨ ᠬᠦᠢᠯᠭᠡᠭᠡ ᠶᠢᠨ ᠠᠵᠦ ᠠᠬᠤᠢᠢᠯᠠᠯ ᠪᠤᠯᠤᠨ ᠪᠤᠭᠤᠮᠳᠠ ᠲᠠᠢ ᠵᠤᠯᠭᠠᠯᠴᠠᠭᠤᠯᠬᠤ ᠲᠤᠠᠠᠳᠠᠴᠠ ᠶᠢ ᠪᠠᠶᠢᠭᠤᠯᠵᠦ᠂ ᠪᠦᠯᠦᠭᠯᠡᠯ ᠤᠨ ᠦᠡᠭᠭᠡᠷᠡᠭᠰᠡᠡ ᠵᠢᠯ ᠤᠨ ᠠᠮᠤ ᠲᠤᠰᠤᠨ ᠤ ᠪᠤᠷᠤᠯᠠᠭᠤᠯᠤᠯᠳᠠ ᠶᠢᠨ ᠪᠠᠶᠢᠳᠠᠯ ᠢ ᠵᠠᠳᠠᠯᠵᠦ ᠂ ᠪᠦᠯᠦᠭᠯᠡᠯ ᠤᠨ ᠠᠮᠤ ᠲᠤᠰᠤ ᠶᠢ ᠪᠤᠷᠤᠯᠠᠭᠤᠯᠬᠤ ᠲᠦᠰᠦᠪ ᠲᠤᠠᠠᠳᠠᠭᠠᠵᠦ᠂ ᠠᠮᠤ ᠲᠤᠰᠤᠨ ᠤ ᠪᠤᠷᠤᠯᠠᠭᠤᠯᠤᠯᠳᠠ ᠶᠢ ᠰᠢᠠᠵᠢᠯᠡᠬᠦ ᠤᠬᠠᠭᠠᠠᠴᠢ ᠪᠠᠷ ᠵᠢᠯᠤᠭᠤᠳᠴᠦ᠂ ᠡᠯ᠎ᠠ ᠵᠦᠢᠯ ᠤᠨ ᠲᠦᠭᠰᠢᠭᠦᠷᠢ ᠶᠢ ᠨᠡᠩ ᠰᠠᠶᠢᠨ ᠢᠶᠠᠷ ᠠᠷᠭᠠᠴᠠᠭᠠᠵᠦ ᠪᠠᠶᠢᠨ᠎ᠠ᠃ ᠪᠤᠷᠤᠯᠠᠭᠤᠯᠤᠯᠳᠠ ᠶᠢᠨ ᠶᠠᠪᠤᠴᠠ ᠳᠤ ᠠᠮᠤ ᠲᠤᠰᠤᠨ ᠤ ᠪᠤᠷᠤᠯᠠᠭᠤᠯᠤᠯᠳᠠ ᠶᠢᠨ ᠬᠠᠮᠢᠶᠠᠷᠤᠯᠳᠠ ᠪᠤᠯᠤᠨ ᠬᠢᠨᠠᠠ ᠰᠢᠯᠭᠠᠬᠤ ᠰᠢᠰᠲ᠋ᠧᠮ ᠢ ᠪᠠᠶᠢᠭᠤᠯᠵᠦ᠂ ᠲᠦᠷᠦᠯ ᠬᠤᠪᠢᠶᠠᠠ ᠬᠠᠮᠢᠶᠠᠷᠬᠤ᠂ ᠰᠢᠠᠵᠢᠯᠡᠬᠦ ᠤᠬᠠᠭᠠᠠᠴᠢ ᠪᠠᠷ ᠬᠠᠮᠢᠶᠠᠷᠬᠤ ᠶᠢ ᠪᠠᠶᠡᠯᠡᠭᠦᠯᠵᠦ ᠪᠠᠶᠢᠨ᠎ᠠ᠃     ᠲᠤᠰ ᠪᠦᠯᠦᠭᠯᠡᠯ ᠤᠨ ᠲᠠᠷᠢᠶᠠᠯᠠᠩ ᠤᠨ ᠮᠠᠰᠢᠨ ᠮᠧᠬᠠᠨᠢᠭ ᠤᠨ ᠰᠠᠯᠠᠭ᠎ᠠ ᠶᠢᠨ ᠬᠠᠷᠢᠭᠤᠴᠠᠯᠭᠠᠳᠠᠠ ᠵᠠᠩ ᠭᠧᠩ ᠴᠢᠶᠠᠠ ᠤ ᠲᠠᠨᠢᠯᠴᠠᠭᠤᠯᠬᠤ ᠪᠠᠷ᠂ ᠬᠤᠶᠢᠰᠢᠳᠠ ᠲᠠᠷᠢᠶᠠᠯᠠᠩ ᠤᠨ ᠠᠳᠠᠷ ᠬᠠᠭᠠᠯᠪᠤᠷᠢᠯᠠᠯᠳᠠ ᠶᠢᠨ ᠤᠷᠤᠨ ᠲᠠᠷᠢᠶᠠᠯᠠᠩ ᠮᠠᠯ ᠠᠵᠦ ᠠᠬᠤᠢ ᠶᠢᠨ ᠰᠤᠷᠠᠭ ᠵᠠᠩᠭᠢ ᠶᠢᠨ ᠲᠤᠮᠤ ᠳ᠋ᠠᠶᠢᠲ᠋ᠠ ᠶᠢ ᠠᠭᠠᠵᠢᠮ ᠢᠶᠠᠷ ᠲᠡᠭᠦᠯᠳᠡᠷᠵᠢᠭᠦᠯᠵᠦ᠂ ᠴᠠᠭ ᠠᠭᠤᠷ ᠂ ᠬᠦᠷᠦᠰᠤ᠂ ᠬᠢᠮᠢ ᠶᠢᠨ ᠪᠤᠷᠳᠤᠭᠤᠷ ᠲᠠᠷᠢᠶᠠᠠ ᠡᠮ᠂ ᠲᠠᠷᠢᠶᠠᠯᠠᠩ ᠤᠨ ᠪᠦᠳᠦᠭᠡᠭᠳᠡᠭᠦᠨ ᠤ ᠶᠠᠰᠤ ᠴᠢᠨᠠᠷ ᠢ ᠮᠦᠷᠳᠡᠬᠦ ᠰᠢᠰᠲ᠋ᠧᠮ ᠵᠡᠷᠭᠡ ᠲᠤᠭ᠎ᠠ ᠪᠠᠷᠢᠮᠳᠠ ᠶᠢ ᠶᠡᠷᠦᠩᠬᠡᠶᠢᠯᠡᠡ ᠠᠰᠢᠠᠠᠯᠠᠵᠦ᠂ ᠭᠠᠷᠤᠯᠳᠠ ᠶᠢ ᠲᠦᠰᠦᠭᠡᠯᠡᠬᠦ ᠲᠤᠭ᠎ᠠ ᠶᠢᠨ ᠵᠬᠠᠪᠤᠷ ᠢ ᠪᠠᠶᠢᠭᠤᠯᠬᠤ ᠪᠤᠯᠤᠨ᠎ᠠ᠃       ᠤᠢᠢᠯᠠᠭᠠᠠᠠᠰᠠᠠ ᠢᠶᠠᠷ᠂ 2020 ᠤᠨ ᠳᠤ ᠲᠤᠰ ᠪᠦᠯᠦᠭᠯᠡᠯ ᠨᠡᠶᠢᠳᠡ 573.34 ᠲᠦᠮᠡᠡ ᠮᠦ ᠲᠠᠷᠢᠶ᠎ᠠ ᠲᠠᠷᠢᠵᠦ᠂ ᠡᠭᠦᠨ ᠤ ᠲᠤᠳᠤᠷ᠎ᠠ ᠪᠤᠭᠤᠳᠠᠢ 131.69 ᠲᠦᠮᠡᠡ ᠮᠦ᠂ ᠰᠢᠯᠢᠮᠳᠡᠭ 108.1 ᠲᠦᠮᠡᠡ ᠮᠦ᠂ ᠪᠤᠷᠴᠠᠭ 137.66 ᠲᠦᠮᠡᠡ ᠮᠦ᠂ ᠡᠷᠳᠡᠨᠢᠰᠢᠰᠢ 67.24 ᠲᠦᠮᠡᠡ ᠮᠦ᠂ ᠰᠢᠬᠢᠷ ᠯᠤᠤᠪᠠᠩ 30.46 ᠲᠦᠮᠡᠡ ᠮᠦ᠂ ᠠᠷᠪᠠᠢ 24.65 ᠲᠦᠮᠡᠡ ᠮᠦ᠂ ᠲᠦᠮᠦᠰᠤ 13.53 ᠲᠦᠮᠡᠡ ᠮᠦ᠂ ᠡᠪᠡᠰᠤᠨ ᠡᠮ 5.08 ᠲᠦᠮᠡᠡ ᠮᠦ᠂ ᠡᠯᠳᠡᠪ ᠠᠮᠤ ᠵᠢᠴᠢ ᠪᠤᠰᠤᠳ ᠵᠦᠢᠯ ᠢ 7.75 ᠲᠦᠮᠡᠡ ᠮᠦ ᠲᠠᠷᠢᠪᠠ᠃ ᠪᠦᠯᠦᠭᠯᠡᠯ ᠤᠨ ᠬᠠᠷᠢᠭᠤᠴᠠᠯᠭᠠᠳᠠᠠ ᠤ ᠲᠠᠨᠢᠯᠴᠠᠭᠤᠯᠬᠤ ᠪᠠᠷ᠂ ᠡᠨᠡ ᠨᠠᠮᠤᠷ ᠤᠨ ᠬᠤᠷᠢᠶᠠᠯᠳᠠ ᠦᠡᠭᠭᠡᠷᠡᠭᠰᠡᠡ ᠵᠢᠯ ᠤᠨ ᠬᠢ ᠠᠴᠠ 10 ᠭᠠᠷᠤᠢ ᠡᠳᠤᠷ ᠤᠷᠢᠳᠴᠢᠯᠠᠵᠠᠢ᠃ 9 ᠰᠠᠷ᠎ᠠ ᠶᠢᠨ 5 ᠤ ᠡᠳᠤᠷ ᠪᠤᠯᠬᠤ ᠳᠤ ᠬᠦᠯᠦᠨ ᠪᠤᠶᠢᠷ ᠤᠨ ᠲᠠᠷᠢᠶᠠᠯᠠᠩ ᠤᠨ ᠠᠳᠠᠷ ᠬᠠᠭᠠᠯᠪᠤᠷᠢᠯᠠᠯᠳᠠ ᠶᠢᠨ ᠪᠦᠯᠦᠭᠯᠡᠯ 130 ᠲᠦᠮᠡᠡ ᠮᠦ ᠲᠠᠷᠢᠶᠠᠠ ᠤ ᠬᠤᠷᠢᠶᠠᠯᠳᠠ ᠶᠢ ᠪᠠᠶᠡᠯᠡᠭᠦᠯᠵᠦ᠂ ᠪᠠᠷᠤᠠᠠᠯᠠᠬᠤ ᠪᠠᠷ᠂ ᠲᠠᠪᠠᠭᠠᠠ ᠤ ᠪᠠᠷᠠᠭᠤᠠᠳᠡᠬᠢ ᠤᠷᠤᠨ ᠤ ᠨᠠᠮᠤᠷ ᠤᠨ ᠬᠤᠷᠢᠶᠠᠯᠳᠠ ᠶᠢᠨ ᠠᠵᠢᠯ 9 ᠰᠠᠷ᠎ᠠ ᠶᠢᠨ ᠰᠡᠭᠦᠯᠴᠢ ᠪᠠᠷ ᠲᠠᠭᠤᠰᠬᠤ ᠪᠤᠯᠤᠨ᠎ᠠ᠃
 
ᠢᠷᠡᠯᠲᠡ᠄ ᠬᠥᠯᠦᠨ ᠪᠤᠶᠢᠷ ᠤᠨ ᠮᠣᠩᠭᠤᠯ ᠰᠣᠨᠢᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号