ᠮᠣᠩᠭᠤᠯ ᠦᠨᠳᠦᠰᠦᠳᠡᠨ
ᠨᠡᠶᠢᠲᠡᠯᠡᠭᠰᠡᠨ ᠴᠠᠭ᠄
2020/9/23
ᠨᠢᠭᠡ᠂ ᠦᠭᠡ ᠬᠡᠯᠡ     ᠵᠠᠯᠠᠨ ᠠᠶᠢᠯ ᠬᠤᠲᠠ ᠶᠢᠨ ᠸᠠ ᠲᠢ ᠰᠢᠶᠠᠩ᠂ ᠰᠠ ᠮᠠ ᠵᠡᠭᠡᠯᠢ ᠶᠢᠨ ᠡᠸᠡᠩᠬᠢ ᠦᠨᠳᠦᠰᠦᠲᠡᠨ ᠤ ᠰᠢᠶᠠᠩ᠂ ᠣᠷᠴᠣᠨ ᠦᠨᠳᠦᠰᠦᠲᠡᠨ ᠤ ᠰᠢᠶᠠᠩ᠂ ᠳᠠᠭᠤᠷ ᠦᠨᠳᠦᠰᠦᠲᠡᠨ ᠤ ᠰᠢᠶᠠᠩ ᠳᠤ ᠰᠠᠭᠤᠵᠤ ᠪᠠᠶ᠋ᠭ᠎ᠠ ᠮᠣᠩᠭᠤᠯ ᠦᠨᠳᠦᠰᠦᠲᠡᠨ ᠤ ᠣᠯᠠᠩᠬᠢ ᠨᠢ ᠪᠦᠷ ᠮᠣᠩᠭᠤᠯ ᠦᠭᠡ ᠶᠠᠷᠢᠳᠠᠭ᠃ ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ ᠨᠢ ᠤᠯᠠᠨ ᠪᠠᠶᠢᠵᠤ᠂ ᠦᠨᠳᠦᠰᠦᠲᠡᠨ ᠤ ᠰᠤᠷᠭᠠᠨ ᠬᠥᠮᠦᠵᠢᠯ ᠬᠦᠷᠳᠡᠭᠰᠡᠳ ᠴᠦ ᠮᠣᠩᠭᠤᠯ ᠬᠡᠯᠡᠨ ᠳᠤ ᠨᠡᠪᠲᠡᠷᠡᠵᠡᠢ᠃ ᠭᠡᠪᠡᠴᠦ ᠬᠤᠲᠠ ᠶᠢᠨ ᠲᠣᠭᠤᠷᠢᠭ ᠪᠣᠯᠤᠨ ᠪᠤᠰᠤᠳ ᠰᠢᠶᠠᠩ ᠪᠠᠯᠭᠠᠰᠤᠨ ᠤ ᠮᠣᠩᠭᠤᠯᠴᠤᠳ ᠮᠣᠩᠭᠤᠯ ᠬᠡᠯᠡᠨ ᠤ ᠵᠢᠭᠠᠨ ᠰᠤᠷᠭᠠᠯᠲᠠ᠂ ᠣᠷᠴᠢᠭᠤᠯᠭ᠎ᠠ ᠪᠣᠯᠤᠨ ᠨᠠᠰᠤ ᠠᠬᠢᠭᠰᠠᠳ‌ᠡᠴᠠ ᠭᠠᠳᠠᠨ᠎ᠠ ᠣᠯᠠᠩᠬᠢ ᠨᠢ ᠮᠣᠩᠭᠤᠯ ᠦᠭᠡ ᠬᠡᠯᠡ ᠮᠡᠳᠡᠬᠦ ᠦᠭᠡᠢ᠃ᠬᠤᠶᠠᠷ᠂ ᠢᠳᠡᠭᠡᠨ ᠤᠮᠳᠠᠭᠠᠨ ᠪᠠ ᠬᠤᠪᠴᠠᠰᠤ ᠵᠠᠰᠠᠯ     ᠵᠠᠯᠠᠨ ᠠᠶᠢᠯ ᠬᠤᠲᠠ ᠶᠢᠨ ᠮᠣᠩᠭᠤᠯ ᠦᠨᠳᠦᠰᠦᠲᠡᠨ ᠤ ᠰᠠᠭᠤᠭᠠᠯᠢ ᠠᠷᠠᠳ ᠤᠨ ᠣᠯᠠᠩᠬᠢ ᠨᠢ ᠬᠤᠲᠠ ᠬᠥᠳᠡᠭᠡ ᠶᠢᠨ ᠡᠯ᠎ᠡ ᠭᠠᠵᠠᠷ ᠲᠤ ᠲᠠᠷᠬᠠᠨ ᠰᠠᠭᠤᠵᠤ᠂ ᠣᠯᠠᠩᠬᠢ ᠨᠢ ᠯᠢᠶᠣᠤᠨᠢᠩ ᠵᠡᠷᠭᠡ ᠮᠤᠵᠢ ᠶᠢᠨ ᠲᠠᠷᠢᠶᠠᠯᠠᠩ ᠤᠨ ᠣᠷᠣᠨ ᠠᠴᠠ ᠢᠷᠡᠵᠦ᠂ ᠲᠣᠰ ᠬᠤᠲᠠ ᠶᠢᠨ ᠬᠥᠳᠡᠭᠡ ᠲᠣᠰᠬᠤᠨ ᠤ ᠮᠣᠩᠭᠤᠯ ᠰᠠᠭᠤᠭᠠᠯᠢ ᠠᠷᠠᠳ ᠭᠤᠤᠯᠳᠠᠭᠤ ᠲᠠᠷᠢᠮᠠᠯ ᠤᠨ ᠦᠶ᠋ᠯᠡᠰ ᠡᠷᠬᠢᠯᠡᠵᠦ᠂ ᠮᠠᠯ ᠠᠵᠤ ᠠᠬᠤᠶ ᠳᠤ ᠪᠠᠨ ᠴᠢᠳᠠᠮᠠᠭᠠᠶ ᠪᠠᠶᠢᠵᠤ᠂ ᠠᠩ ᠠᠩᠨᠠᠯ ᠤᠨ ᠦᠶ᠋ᠯᠡᠰ ᠢ ᠬᠠᠪᠰᠤᠷᠭᠠᠨ ᠡᠵᠡᠩᠨᠡᠳᠡᠭ᠃ ᠡᠭᠦᠨ ᠳᠤ ᠸᠠ ᠳ᠋ᠢ ᠰᠢᠶᠠᠩ ᠪᠣᠯ ᠮᠣᠩᠭᠤᠯ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠰᠢᠶᠠᠩ ᠪᠣᠯᠤᠨ᠎ᠠ᠂ 1991 ᠣᠨ ᠳᠤ᠂ ᠸᠠ ᠳ᠋ᠢ ᠰᠢᠶᠠᠩ ᠳᠤ ᠨᠡᠶᠢᠲᠡ 2 ᠮᠣᠩᠭᠤᠯ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠲᠣᠰᠬᠤᠨ᠂ 7 ᠮᠣᠩᠭᠤᠯ ᠦᠨᠳᠦᠰᠦᠲᠡᠨ ᠤ ᠲᠣᠰᠬᠤᠨ ᠤ ᠠᠷᠠᠳ ᠤᠨ ᠳᠤᠭᠤᠶᠢᠯᠠᠩ ᠪᠠᠶᠢᠨ᠎ᠠ᠃ ᠮᠣᠩᠭᠤᠯ ᠦᠨᠳᠦᠰᠦᠲᠡᠨ ᠤ ᠬᠥᠮᠦᠨ ᠠᠮᠠ ᠨᠢ 2523 ᠪᠠᠶᠢᠵᠤ᠂ ᠪᠦᠬᠦ ᠬᠤᠲᠠ ᠶᠢᠨ ᠮᠣᠩᠭᠤᠯ ᠦᠨᠳᠦᠰᠦᠲᠡᠨ ᠤ ᠶᠡᠷᠦᠩᠬᠡᠢ ᠬᠥᠮᠦᠨ ᠠᠮᠠ ᠶᠢᠨ 18 · 8% ᠶᠢ ᠡᠵᠡᠯᠡᠨ᠎ᠡ᠃ ᠲᠡᠦᠬᠡᠨ ᠳᠡᠭᠡᠷ᠎ᠡ ᠮᠣᠩᠭᠤᠯᠴᠤᠳ ᠠᠭᠤᠵᠢᠮ ᠴᠡᠮᠴᠡᠭᠡᠷ ᠲᠡᠷᠯᠢᠭ ᠡᠮᠦᠰᠴᠦ᠂ ᠲᠣᠷᠭᠠᠨ ᠪᠦᠰᠡ᠂ ᠢᠰᠡᠭᠡᠢ ᠭᠤᠲᠤᠯ᠂ ᠠᠷᠠᠰᠤᠨ ᠭᠤᠲᠤᠯ ᠢᠶᠠᠨ ᠪᠦᠰᠡᠯᠡᠬᠦ ᠳᠤᠷᠠᠲᠠᠢ ᠪᠠᠶᠢᠳᠠᠭ᠃ ᠡᠮᠡᠭᠲᠡᠶᠢᠴᠦᠳ ᠮᠥᠩᠭᠦᠨ ᠵᠠᠰᠠᠯ ᠵᠡᠭᠦᠳᠡᠭ ᠪᠥᠭᠡᠳ ᠮᠠᠨᠤ᠂ ᠱᠢᠷᠦ᠂ ᠨᠣᠭᠤᠭᠠᠨ ᠬᠠᠰ ᠵᠡᠷᠭᠡ ᠲᠣᠯᠣᠭᠠᠶ ᠶᠢᠨ ᠵᠠᠰᠠᠯ ᠴᠢᠮᠡᠭ ᠲᠠᠢ᠃ ᠡᠷᠡᠭᠲᠡᠶᠢᠴᠦᠳ ᠪᠦᠰᠡᠨ ᠳᠤ ᠪᠠᠨ ᠦᠷᠭᠦᠯᠵᠢ ᠮᠣᠩᠭᠤᠯ ᠬᠢᠲᠤᠭ᠎ᠠ ᠵᠡᠭᠦᠵᠦ᠂ ᠵᠠᠷᠢᠮ ᠨᠢ ᠪᠠᠰᠠ ᠬᠡᠳᠡ᠂ ᠬᠦᠬᠦᠷ ᠵᠡᠷᠭᠡ ᠶᠢ ᠵᠡᠭᠦᠳᠡᠭ᠃ ᠢᠳᠡᠭᠡᠨ ᠤᠮᠳᠠᠭᠠᠨ ᠨᠢ ᠦᠬᠡᠷ ᠬᠤᠨᠢᠨ ᠮᠢᠬ᠎ᠠ᠂ ᠴᠠᠭᠠᠨ ᠢᠳᠡᠭᠡ ᠵᠡᠷᠭᠡ ᠳᠤ ᠳᠤᠷᠠᠲᠠᠶ᠂ ᠴᠠᠭ ᠦᠶ᠎ᠡ ᠶᠢᠨ ᠬᠤᠪᠢᠷᠠᠯᠲᠠ ᠶᠢ ᠳᠠᠭᠠᠯᠳᠤᠨ᠂ ᠲᠤᠰ ᠬᠤᠲᠠ ᠶᠢᠨ ᠮᠣᠩᠭᠤᠯ ᠦᠨᠳᠦᠰᠦᠲᠡᠨ ᠤ ᠰᠠᠭᠤᠭᠠᠯᠢ ᠠᠷᠠᠳ ᠤᠨ ᠠᠮᠢᠳᠤᠷᠠᠯ ᠤᠨ ᠵᠠᠩ ᠳᠠᠳᠬᠠᠯ ᠨᠢ ᠲᠤᠬᠠᠢ ᠶᠢᠨ ᠭᠠᠵᠠᠷ ᠤᠨ ᠬᠢᠲᠠᠳ ᠦᠨᠳᠦᠰᠦᠲᠡᠨ ᠤ ᠰᠠᠭᠤᠭᠠᠯᠢ ᠠᠷᠠᠳ ᠲᠠᠢ ᠤᠯᠠᠮ ᠢᠶᠠᠷ ᠣᠶᠢᠷᠠᠲᠤᠵᠤ ᠪᠠᠶᠢᠭ᠎ᠠ ᠪᠣᠯᠪᠠᠴᠤ ᠸᠠ ᠳ᠋ᠢ ᠰᠢᠶᠠᠩ ᠤᠨ ᠮᠣᠩᠭᠤᠯ ᠦᠨᠳᠦᠰᠦᠲᠡᠨ ᠤ ᠰᠠᠭᠤᠭᠠᠯᠢ ᠠᠷᠠᠳ ᠤᠨ ᠳᠤᠮᠳᠠ ᠮᠥᠨ ᠯᠡ ᠦᠨᠳᠦᠰᠦᠲᠡᠨ ᠤ ᠵᠠᠩ ᠦᠢᠯᠡ ᠪᠠᠨ ᠦᠨᠳᠦᠰᠦᠨ ᠳᠡᠭᠡᠨ ᠬᠠᠳᠠᠭᠠᠯᠠᠭᠰᠠᠭᠠᠷ ᠪᠠᠶᠢᠨ᠎ᠠ᠃ ᠦᠬᠡᠷ ᠬᠤᠨᠢᠨ ᠮᠢᠬ᠎ᠠ ᠢᠳᠡᠬᠦ ᠳᠤᠷᠠᠲᠠᠶ᠂ ᠬᠠᠭᠤᠷᠤᠭᠰᠠᠨ ᠪᠤᠳᠠᠭ᠎ᠠ ᠵᠡᠷᠭᠡ ᠬᠠᠷ᠎ᠠ ᠠᠷᠢᠬᠢ᠂ ᠰᠦ᠋ ᠲᠠᠢ ᠴᠠᠢ ᠤᠤᠭᠤᠬᠤ ᠳᠤ ᠪᠠᠨ ᠰᠠᠶᠢᠨ ᠪᠠᠶᠢᠳᠠᠭ . ᠵᠠᠩ ᠠᠭᠠᠯᠢ ᠠᠰᠪᠤᠷ ᠴᠠᠭᠠᠪᠤᠷ᠂ ᠳᠠᠭᠤᠯᠠᠨ ᠪᠥᠵᠢᠭᠯᠡᠬᠦ ᠳᠡᠭᠡᠨ ᠰᠠᠶᠢᠨ᠂ ᠨᠠᠶᠢᠷ ᠨᠠᠭᠠᠳᠤᠮ ᠵᠡᠷᠭᠡ ᠰᠣᠶᠣᠯ ᠲᠠᠮᠢᠷ ᠤᠨ ᠬᠥᠳᠡᠯᠭᠡᠭᠡᠨ ᠢ ᠦᠷᠭᠦᠯᠵᠢ ᠰᠠᠶᠢᠨ ᠳᠤᠷ᠎ᠠ ᠠᠴᠠ ᠪᠠᠨ ᠶᠠᠪᠤᠭᠳᠠᠭᠤᠯᠳᠠᠭ᠂ ᠪᠠᠶᠠᠷ ᠳᠤᠷᠠᠰᠬᠠᠯ ᠤᠨ ᠡᠳᠦᠷ ᠪᠤᠶᠤ ᠴᠢᠬᠤᠯᠠ ᠶᠡᠭᠡ ᠭᠠᠵᠠᠷ ᠪᠣᠯᠭᠠᠨ ᠳᠤ ᠮᠣᠩᠭᠤᠯ ᠲᠡᠷᠯᠢᠭ ᠵᠡᠷᠭᠡ ᠦᠨᠳᠦᠰᠦᠲᠡᠨ ᠤ ᠬᠤᠪᠴᠠᠰᠤ ᠵᠠᠰᠠᠯ ᠢᠶᠠᠨ ᠡᠮᠦᠰᠳᠡᠭ᠃ᠭᠤᠷᠪᠠ᠂ ᠰᠣᠶᠣᠯ ᠪᠡᠶ᠎ᠡ ᠶᠢᠨ ᠲᠠᠮᠢᠷ     ᠵᠠᠯᠠᠨ ᠠᠶᠢᠯ ᠬᠤᠲᠠ ᠶᠢᠨ ᠴᠥᠭᠡᠨ ᠲᠣᠭᠠᠲᠤ ᠦᠨᠳᠦᠰᠦᠲᠡᠨ ᠤ ᠳᠣᠲᠣᠷ᠎ᠠ᠂ ᠳᠠᠭᠤᠷᠢᠯᠢᠭ ᠭᠡᠳᠡᠭ ᠤᠷᠠᠯᠢᠭ ᠲᠤ ᠮᠣᠩᠭᠤᠯ ᠦᠨᠳᠦᠰᠦᠲᠡᠨ ᠬᠠᠮᠤᠭ ᠤᠨ ᠬᠠᠶᠢᠷᠠᠲᠠᠶ᠃ ᠸᠠ ᠲᠢ ᠰᠢᠶᠠᠩ ᠤᠨ ᠣᠷᠴᠢᠮ ᠰᠠᠭᠤᠵᠤ ᠪᠠᠶ᠋ᠭ᠎ᠠ ᠮᠣᠩᠭᠤᠯ ᠦᠨᠳᠦᠰᠦᠲᠡᠨ ᠤ ᠰᠠᠭᠤᠭᠠᠯᠢ ᠠᠷᠠᠳ ᠬᠥᠳᠡᠯᠮᠦᠷᠢ ᠶᠢᠨ ᠴᠢᠯᠥᠭᠡ ᠳᠡᠭᠡᠨ ᠪᠠᠶᠢᠵᠤ᠂ ᠦᠷᠭᠦᠯᠵᠢ ᠬᠤᠯᠪᠤᠬ᠎ᠠ ︽ᠬᠤᠯᠤᠭ᠎ᠠ︾ ︽ᠦᠷᠦᠭᠡ︾ ᠲᠣᠭᠯᠠᠵᠤ᠂ ᠦᠯᠢᠬᠡᠷ ᠢ ᠤᠯᠠᠮᠵᠢᠯᠠᠨ ᠲᠠᠷᠬᠠᠭᠠᠵᠠᠢ᠃ ᠪᠠᠰᠠ ᠰᠣᠶᠣᠯ ᠤᠨ ᠠᠮᠢᠳᠤᠷᠠᠯ ᠢ ᠬᠥᠭᠵᠢᠶᠡᠨᠲᠡᠢ ᠪᠣᠯᠭᠠᠵᠤ᠂ ᠮᠣᠩᠭᠤᠯᠴᠤᠳ ᠤᠨ ᠳᠤᠷ᠎ᠠ ᠪᠠᠬ᠎ᠠ ᠶᠢ ᠶᠡᠬᠡᠳᠡ ᠲᠠᠲᠠᠪᠠ᠃     ᠦᠷ᠎ᠡ ᠶᠢᠨ ᠬᠡᠳᠦᠨ ᠵᠢᠯ ᠳᠤ᠂ ᠸᠠ ᠳ᠋ᠢ ᠰᠢᠶᠠᠩ ᠤᠨ ᠭᠤᠣᠯ ᠰᠤᠷᠭᠠᠭᠤᠯᠢ ᠮᠣᠩᠭᠤᠯ ᠤᠷᠠᠨ ᠪᠢᠴᠢᠯᠭᠡ ᠶᠢᠨ ᠦᠵᠡᠰᠬᠦᠯᠡᠩ᠂ ᠰᠢᠯᠦᠭ ᠤᠶᠠᠩᠭᠠᠯᠠᠨ ᠤᠩᠰᠢᠬᠤ ᠵᠡᠷᠭᠡ ᠠᠵᠢᠯᠯᠠᠭ᠎ᠠ ᠥᠷᠨᠢᠭᠦᠯᠵᠦ᠂ ᠮᠣᠩᠭᠤᠯ ᠦᠭᠡ ᠬᠡᠯᠡ ᠦᠰᠦᠭ ᠪᠢᠴᠢᠭ ᠤᠨ ᠬᠥᠭᠵᠢᠯᠲᠡ ᠶᠢ ᠠᠬᠢᠭᠤᠯᠪᠠ᠃ ᠪᠠᠰᠠ ᠰᠤᠷᠭᠠᠭᠤᠯᠢ ᠶᠢᠨ ᠥᠪᠡᠷ ᠤᠨ ᠵᠢᠭᠠᠬᠤ ᠮᠠᠲ᠋ᠧᠷᠢᠶᠠᠯ ᠢ ᠲᠣᠭᠲᠠᠭᠠᠵᠤ᠂ ᠮᠣᠩᠭᠤᠯ ᠦᠨᠳᠦᠰᠦᠲᠡᠨ ᠤ ᠲᠤᠰ ᠦᠨᠳᠦᠰᠦᠲᠡᠨ ᠤ ᠦᠭᠡ ᠬᠡᠯᠡ ᠶᠢ ᠰᠤᠷᠴᠤ ᠬᠡᠷᠡᠭᠯᠡᠬᠦ ᠶᠢᠨ ᠰᠠᠭᠤᠷᠢ ᠶᠢ ᠲᠠᠯᠪᠢᠭᠰᠠᠨ ᠪᠠᠶᠢᠨ᠎ᠠ᠃     ᠸᠠ ᠳ᠋ᠢ ᠰᠢᠶᠠᠩ ᠤᠨ ᠮᠣᠩᠭᠤᠯ ᠰᠠᠭᠤᠭᠠᠯᠢ ᠠᠷᠠᠳ ᠡᠯᠪᠡᠭ ᠬᠤᠷᠢᠶᠠᠯᠲᠠ ᠣᠯᠤᠭᠰᠠᠨ ᠵᠢᠯ ᠲᠠᠭᠠᠨ᠂ ᠲᠡᠷᠡ ᠬᠥᠰᠢᠭᠡ ᠶᠢᠨ ᠶᠡᠭᠡ ᠬᠤᠷᠠᠯ ᠢ ᠬᠤᠷᠠᠯᠳᠤᠭᠤᠯᠵᠤ᠂ ᠮᠣᠷᠢ᠂ ᠰᠤᠷ ᠬᠠᠷᠪᠤᠬᠤ᠂ ᠪᠥᠬᠡ ᠪᠠᠷᠢᠯᠳᠤᠬᠤ ᠵᠡᠷᠭᠡ ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠲᠣᠭᠯᠠᠬᠤ ᠪᠣᠯᠤᠨ᠎ᠠ᠃ᠳᠥᠷᠪᠡ᠂ ᠱᠠᠰᠢᠨ ᠰᠢᠲᠦᠯᠭᠡ      ᠶᠤᠸᠠᠨ ᠤᠯᠤᠰ ᠠᠴᠠ ᠡᠮᠦᠨ᠎ᠡ ᠮᠣᠩᠭᠤᠯᠴᠤᠳ ᠪᠥᠭᠡ ᠮᠥᠷᠭᠦᠯ ᠤᠨ ᠱᠠᠰᠢᠨ ᠢ ᠰᠢᠲᠦᠵᠦ ᠪᠠᠶᠢᠵᠠᠶ᠃ ᠶᠤᠸᠠᠨ ᠤᠯᠤᠰ ᠤᠨ ᠦᠶ᠎ᠡ ᠶᠢᠨ ᠲᠥᠪᠡᠳ ᠤᠨ ᠪᠤᠳ᠋ᠳ᠋ᠾᠠ ᠶᠢᠨ ᠱᠠᠰᠢᠨ ︵ᠶᠡᠷᠦ ᠳᠡᠭᠡᠨ ᠯᠠᠮᠠ ᠶᠢᠨ ᠱᠠᠰᠢᠨ ᠭᠡᠳᠡᠭ︶ ᠤᠯᠠᠮᠵᠢᠯᠠᠭᠳᠠᠨ ᠣᠷᠣᠵᠤ ᠢᠷᠡᠭᠰᠡᠨ ᠤ ᠳᠠᠷᠠᠭ᠎ᠠ᠂ ᠠᠭᠠᠵᠢᠮ ᠢᠶᠠᠷ ᠪᠤᠳ᠋ᠳ᠋ᠾᠠ ᠶᠢᠨ ᠱᠠᠰᠢᠨ ᠢ ᠰᠢᠲᠦᠪᠡ᠃
 
ᠢᠷᠡᠯᠲᠡ᠄ ᠵᠠᠯᠠᠨ ᠠᠢᠢᠯ ᠬᠣᠲᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号