ᠣᠷᠴᠣᠨ ᠦᠨᠳᠦᠰᠦᠲᠡᠨ
ᠨᠡᠶᠢᠲᠡᠯᠡᠭᠰᠡᠨ ᠴᠠᠭ᠄
2020/9/23
ᠨᠢᠭᠡ᠂ ᠦᠭᠡ ᠬᠡᠯᠡ     ᠣᠷᠴᠣᠨ ᠦᠨᠳᠦᠰᠦᠲᠡᠨ ᠥᠪᠡᠷ ᠤᠨ ᠦᠭᠡ ᠬᠡᠯᠡ ᠲᠠᠢ᠂ ᠭᠡᠪᠡᠴᠦ ᠦᠰᠦᠭ ᠪᠢᠴᠢᠭ ᠦᠭᠡᠢ᠃ ᠦᠭᠡ ᠬᠡᠯᠡ ᠨᠢ ᠠᠯᠲᠠᠶ ᠢᠵᠠᠭᠤᠷ ᠬᠡᠯᠡᠨ ᠤ ᠮᠠᠨᠵᠤ ᠬᠡᠯᠡ — ᠲᠦᠩᠭᠦᠰ ᠢᠵᠠᠭᠤᠷ ᠬᠡᠯᠡᠨ ᠤ ᠲᠦᠩᠭᠦᠰ ᠰᠠᠯᠪᠤᠷᠢ ᠬᠡᠯᠡ ᠳᠤ ᠬᠠᠷᠢᠶᠠᠯᠠᠭᠳᠠᠨ᠎ᠠ᠃ ᠶᠡᠷᠦ ᠳᠡᠭᠡᠨ ᠬᠢᠲᠠᠳ ᠬᠡᠯᠡ ᠦᠰᠦᠭ ᠪᠢᠴᠢᠭ ᠢ ᠨᠡᠶᠢᠳᠡᠮ ᠬᠡᠷᠡᠭᠯᠡᠳᠡᠭ᠃     ᠴᠢᠯᠥᠭᠡᠯᠡᠭᠳᠡᠬᠦ ᠠᠴᠠ ᠡᠮᠦᠨ᠎ᠡ᠂ ᠵᠠᠯᠠᠨ ᠠᠶᠢᠯ ᠤᠨ ᠣᠷᠴᠣᠨ ᠦᠨᠳᠦᠰᠦᠲᠡᠨ ᠤ ᠰᠠᠭᠤᠭᠠᠯᠢ ᠠᠷᠠᠳ ᠦᠶ᠎ᠡ ᠤᠯᠠᠷᠢᠨ ᠥᠨᠳᠥᠷ ᠠᠭᠤᠯᠠ ᠶᠢᠨ ᠪᠢᠲᠡᠭᠦᠤ ᠣᠢ ᠳᠤ ᠠᠩ ᠠᠩᠨᠠᠨ ᠠᠮᠢᠳᠤᠷᠠᠵᠤ ᠪᠠᠶᠢᠭᠰᠠᠨ ᠪᠣᠯᠬᠤᠷ ᠭᠠᠳᠠᠭᠠᠳᠤ ᠶᠢᠷᠲᠢᠨᠴᠦ ᠲᠠᠢ ᠮᠠᠰᠢ ᠴᠥᠭᠡᠨ ᠬᠠᠷᠢᠯᠴᠠᠵᠤ ᠪᠠᠶᠢᠪᠠ᠃ ᠡᠶᠢᠮᠦ ᠠᠴᠠ ᠣᠯᠠᠩᠬᠢ ᠬᠥᠮᠦᠰ ᠵᠥᠪᠬᠡᠨ ᠲᠤᠰ ᠦᠨᠳᠦᠰᠦᠲᠡᠨ ᠤ ᠬᠡᠯᠡᠨ ᠤ ᠨᠤᠲᠤᠭ ᠤᠨ ᠠᠶᠠᠯᠭᠤ ᠶᠢ ᠰᠠᠶᠢᠨ ᠮᠡᠳᠡᠳᠡᠭ᠃ ᠴᠢᠯᠥᠭᠡᠯᠡᠭᠳᠡᠭᠰᠡᠨ ᠤ ᠳᠠᠷᠠᠭ᠎ᠠ ᠣᠷᠴᠣᠨ ᠦᠨᠳᠦᠰᠦᠲᠡᠨ ᠤ ᠰᠠᠭᠤᠭᠠᠯᠢ ᠠᠷᠠᠳ ᠰᠠᠭᠤᠷᠢᠰᠢᠬᠤ ᠶᠢ ᠳᠠᠭᠠᠯᠳᠤᠨ᠂ ᠭᠠᠳᠠᠭᠠᠳᠤ ᠣᠷᠴᠢᠨ ᠲᠠᠢ ᠶᠠᠪᠤᠬᠤ ᠲᠤᠲᠤᠮ ᠣᠯᠠᠰᠢᠷᠠᠵᠤ ᠪᠠᠶᠢᠬᠤ ᠪᠥᠭᠡᠳ ᠰᠤᠷᠭᠠᠨ ᠬᠥᠮᠦᠵᠢᠯ ᠬᠦᠷᠲᠡᠬᠦ ᠲᠣᠬᠢᠶᠠᠯ ᠲᠠᠢ ᠪᠣᠯᠵᠤ ᠬᠢᠲᠠᠳ ᠦᠭᠡ ᠬᠡᠯᠡ ᠦᠰᠦᠭ ᠪᠢᠴᠢᠭ ᠰᠤᠷᠬᠤ ᠶᠠᠪᠤᠳᠠᠯ ᠢ ᠠᠯᠬᠤᠮ ᠠᠯᠬᠤᠮ ᠢᠶᠠᠷ ᠲᠥᠬᠡᠮᠡᠯᠵᠢᠭᠦᠯᠵᠦ᠃᠂ ᠥᠨᠥᠳᠦᠷ᠂ ᠪᠦᠬᠦ ᠬᠤᠲᠠ ᠶᠢᠨ ᠣᠷᠴᠣᠨ ᠦᠨᠳᠦᠰᠦᠲᠡᠨ ᠦᠨᠳᠦᠰᠦᠨ ᠳᠤ ᠪᠠᠨ ᠣᠷᠴᠣᠨ ᠬᠡᠯᠡ ᠪᠣᠯᠤᠨ ᠬᠢᠲᠠᠳ ᠬᠡᠯᠡ ᠬᠤᠶᠠᠷ ᠬᠡᠯᠡ ᠳᠤ ᠨᠡᠪᠲᠡᠷᠡᠭᠰᠡᠨ ᠪᠠᠶᠢᠨ᠎ᠠ  ᠃ᠬᠤᠶᠠᠷ᠂ ᠰᠣᠶᠣᠯ ᠲᠠᠮᠢᠷ ᠤᠨ ᠠᠵᠢᠯᠯᠠᠭ᠎ᠠ     ᠣᠷᠴᠣᠨ ᠦᠨᠳᠦᠰᠦᠲᠡᠨ ᠪᠣᠯ ᠳᠠᠭᠤᠤ ᠪᠥᠵᠢᠭ ᠲᠤ ᠠᠪᠢᠶᠠᠰ ᠲᠠᠢ ᠦᠨᠳᠦᠰᠦᠲᠡᠨ ᠶᠤᠮ᠃ ᠠᠪᠠ ᠶᠢᠨ ᠡᠳᠦᠷ ᠢᠷᠡᠬᠦ ᠪᠣᠯᠭᠠᠨ ᠴᠥᠮ ᠳᠠᠭᠤᠯᠠᠨ ᠬᠥᠭᠡᠷᠦᠯᠳᠦᠵᠦ᠂ ᠡᠷᠡᠭᠲᠡᠶ ᠡᠮᠡᠭᠲᠡᠶ ᠬᠥᠭᠰᠢᠨ ᠵᠠᠯᠠᠭᠤ ᠴᠥᠮ ᠳᠠᠭᠤᠯᠠᠨ ᠪᠥᠵᠢᠭᠯᠡᠵᠦ ᠴᠢᠳᠠᠨ᠎ᠠ᠃ ᠦᠨᠳᠦᠰᠦᠲᠡᠨ ᠪᠣᠯ ᠴᠥᠮ ᠥᠪᠡᠷ ᠢᠶᠠᠨ ᠵᠣᠬᠢᠶᠠᠵᠤ ᠥᠪᠡᠷ ᠢᠶᠠᠨ ᠳᠠᠭᠤᠯᠠᠳᠠᠭ ᠶᠤᠮ᠃ ᠠᠭᠤᠯᠭ᠎ᠠ ᠨᠢ ᠣᠯᠠᠩᠬᠢ ᠨᠢ ᠡᠬᠡ ᠪᠠᠶᠢᠭᠠᠯᠢ ᠪᠣᠯᠤᠨ ᠢᠨᠠᠭ ᠬᠠᠶᠢᠷ᠎ᠠ ᠶᠢ ᠮᠠᠭᠲᠠᠨ ᠳᠠᠭᠤᠯᠠᠵᠤ᠂ ᠠᠩ ᠠᠩᠨᠠᠯ ᠤᠨ ᠠᠮᠢᠳᠤᠷᠠᠯ ᠪᠣᠯᠤᠨ ᠰᠠᠶᠢᠨ ᠰᠠᠶᠢᠬᠠᠨ ᠠᠮᠢᠳᠤᠷᠠᠯ ᠢ ᠬᠦᠰᠡᠨ ᠮᠥᠷᠥᠭᠡᠳᠴᠦ ᠪᠠᠶᠢᠭ᠎ᠠ ᠵᠦᠢᠯ ᠶᠤᠮ᠃ ᠣᠷᠴᠣᠨ ᠦᠨᠳᠦᠰᠦᠲᠡᠨ ᠪᠥᠵᠢᠭ ᠢᠶᠠᠷ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠨ ᠢᠯᠡᠳᠬᠡᠬᠦ ᠳᠡᠭᠡᠨ ᠬᠠᠮᠤᠭ ᠴᠢᠳᠠᠮᠠᠭᠠᠢ ᠪᠠᠶᠢᠳᠠᠭ᠃ ᠠᠶᠢᠵᠠᠮ ᠴᠣᠬᠢᠯᠭ᠎ᠠ ᠨᠢ ᠪᠠᠶᠠᠷ ᠪᠠᠶᠠᠰᠬᠤᠯᠠᠩ ᠲᠠᠢ᠂ ᠤᠶᠠᠩᠭᠠᠯᠠᠯ ᠨᠢ ᠪᠦᠷᠢᠨ ᠲᠡᠭᠦᠯᠳᠡᠷ᠃ ︽ᠯᠢᠦᠢ ᠿᠦᠢ ᠿᠧᠨ︾ ᠪᠣᠯ ᠣᠷᠴᠣᠨ ᠬᠥᠮᠦᠨ ᠤ ᠪᠥᠵᠢᠭ ᠤᠨ ᠶᠡᠷᠦᠩᠬᠡᠶ ᠨᠡᠷᠡᠶᠢᠳᠦᠯ ᠪᠣᠯᠤᠨ᠎ᠠ᠃ ᠣᠷᠴᠣᠨ ᠬᠥᠮᠦᠨ‌‍ᠤ ᠪᠥᠵᠢᠭ ᠢ ᠶᠡᠭᠡ ᠲᠥᠯᠥᠪ ᠵᠤᠭ᠎ᠠ ᠴᠡᠩᠭᠡᠯ ᠤᠨ ᠴᠢᠨᠠᠷ᠂ ᠬᠡᠪ ᠰᠢᠨᠵᠢᠲᠦ ᠴᠢᠨᠠᠷ ᠪᠠ ᠱᠠᠰᠢᠨ ᠰᠤᠷᠲᠠᠬᠤᠨ ᠤ ᠴᠢᠨᠠᠷ ᠭᠡᠬᠦ ᠭᠤᠷᠪᠠᠨ ᠶᠡᠭᠡ ᠲᠥᠷᠥᠯ ᠳᠤ ᠬᠤᠪᠢᠶᠠᠳᠠᠭ᠃ ᠠᠯᠢ ᠨᠢᠭᠡ ᠲᠥᠷᠥᠯ ᠨᠢ ᠴᠦ ᠭᠡᠰᠡᠨ᠂ ᠬᠥᠳᠡᠯᠦᠯ ᠤᠨ ᠬᠤᠷᠳᠤᠴᠠ ᠨᠢ ᠪᠦᠷ ᠤᠳᠠᠭᠠᠨ ᠠᠴᠠ ᠬᠤᠷᠳᠤᠨ ᠪᠣᠯᠵᠤ᠂ ᠬᠤᠷᠴᠠ ᠰᠢᠷᠦᠭᠦᠨ ᠬᠥᠳᠡᠯᠦᠯ ᠢᠶᠠᠷ ᠲᠣᠭᠯᠠᠯᠲᠠ ᠪᠠᠨ ᠳᠠᠭᠤᠰᠬᠠᠳᠠᠭ᠃ ᠲᠣᠭᠯᠠᠯᠲᠠ ᠨᠢ ᠶᠡᠷᠦ ᠳᠡᠭᠡᠨ ᠬᠥᠭᠵᠢᠮ ᠬᠠᠪᠰᠤᠷᠭᠠᠬᠤ ᠥᠬᠡᠶ᠂ ᠬᠠᠷᠢᠨ ᠦᠭᠡ ᠬᠡᠯᠡᠯᠭᠡ ᠪᠠᠷ ᠬᠠᠪᠰᠤᠷᠤᠭᠤᠯᠳᠠᠭ᠃ ᠪᠥᠵᠢᠭ ᠤᠨ ᠠᠶ᠎ᠠ ᠨᠢ ᠦᠷᠭᠦᠯᠵᠢ ︽ᠡᠷᠢᠶᠡᠨ ᠳ᠋ᠧ︾᠂ ︽ᠡ ᠬᠡᠳᠡ ᠬᠦ︾᠂ ︽ᠺᠠᠾᠧᠵᠢᠶᠠ︾ ︽ᠳ᠋ᠠ ᠬᠤ ᠳ᠋ᠠ ᠬᠤ︾ ᠭᠡᠬᠦ ᠮᠡᠲᠦ ᠶᠢᠨ ᠦᠭᠡ ᠨᠢ ᠪᠥᠵᠢᠭ ᠲᠤ ᠬᠠᠨᠢ ᠪᠣᠯᠬᠤ ᠠᠶᠢᠵᠠᠮᠲᠤ ᠳᠠᠭᠤᠳᠠᠯᠲᠠ ᠪᠣᠯᠤᠨ᠎ᠠ᠃ᠭᠤᠷᠪᠠ᠂ ᠭᠠᠷ ᠤᠷᠠᠯᠠᠯ ᠤᠨ ᠪᠦᠲᠦᠭᠡᠭᠳᠡᠬᠦᠨ     ᠣᠷᠴᠣᠨ ᠦᠨᠳᠦᠰᠦᠲᠡᠨ ᠳᠤ ︽ᠡᠷ᠎ᠡ ᠬᠥᠮᠦᠨ ᠥᠨᠳᠥᠷ ᠠᠭᠤᠯᠠ ᠠᠴᠠ ᠠᠶᠤᠬᠤ ‍ᠦᠭᠡᠢ᠂ ᠡᠮ᠎ᠡ ᠬᠥᠮᠦᠨ ᠨᠠᠷᠢᠨ ᠪᠠᠶᠢᠬᠤ ᠠᠴᠠ ᠠᠶᠤᠬᠤ ‍ᠦᠭᠡᠢ .︾ ᠣᠷᠴᠣᠨ ᠦᠨᠳᠦᠰᠦᠲᠡᠨ ᠤ ᠡᠮᠡᠭᠲᠡᠢᠴᠦᠳ ᠪᠠᠭ᠎ᠠ ᠠᠴᠠ ᠪᠠᠨ ᠡᠵᠢ ᠶᠢᠨ ᠢᠶᠠᠨ ᠰᠤᠷᠭᠠᠯ ᠳᠣᠣᠷ᠎ᠠ᠂ ᠠᠷᠠᠰᠤ ᠪᠣᠯᠪᠠᠰᠤᠷᠠᠬᠤ᠂ ᠮᠢᠬ᠎ᠠ ᠬᠠᠲᠠᠭᠠᠬᠤ᠂ ᠬᠡᠭᠡᠷ᠎ᠡ ᠶᠢᠨ ᠨᠣᠭᠤᠭ᠎ᠠ ᠲᠡᠭᠦᠬᠦ᠂ ᠬᠡᠭᠡᠷ᠎ᠡ ᠶᠢᠨ ᠵᠢᠮᠢᠰ ᠲᠡᠭᠦᠬᠦ ᠪᠠ ᠵᠡᠭᠦᠦ ᠤᠲᠠᠰᠤᠨ ᠤ ᠠᠵᠢᠯ ᠬᠢᠬᠦ ᠶᠢ ᠰᠣᠷᠴᠤ᠂ ᠪᠦᠷ ᠭᠤᠴᠣ ᠰᠠᠶᠢᠬᠠᠨ ᠵᠢᠷᠤᠭ ᠤᠷᠠᠯᠠᠵᠤ᠂ ᠣᠷᠴᠣᠨ ᠤ ᠡᠮᠡᠭᠲᠡᠶᠢᠴᠦᠳ ᠤᠨ ᠬᠠᠳᠬᠤᠮᠠᠯ ᠭᠠᠷ ᠤᠷᠠᠯᠠᠯ ᠢ ᠥᠩᠭᠡᠷᠡᠭᠰᠡᠨ ᠬᠥᠮᠦᠨ ᠢ ᠦᠵᠡᠵᠦ ᠥᠩᠭᠡᠷᠡᠵᠡᠶ᠃ ᠲᠡᠳᠡᠨ ᠤ ᠡᠯᠪᠡᠭ ᠪᠠᠶᠠᠯᠢᠭ ᠤᠷᠠᠨ ᠰᠡᠳᠬᠢᠮᠵᠢ ᠪᠠ ᠤᠷᠠᠯᠢᠭ ᠤᠨ ᠡᠭᠦᠳᠦᠨ ᠪᠦᠲᠦᠭᠡᠬᠦ ᠴᠢᠳᠠᠪᠤᠷᠢ ᠶᠢ ᠮᠠᠭᠲᠠᠨ ᠰᠠᠶᠢᠰᠢᠶᠠᠵᠤ᠂ ᠲᠡᠭᠦᠨ ᠤ ᠣᠨᠴᠠᠯᠢᠭ ᠨᠢ ᠲᠣᠪᠴᠢ ᠠᠪᠰᠠᠷᠬᠠᠨ᠂ ᠥᠩᠭᠡ ᠢᠯᠭᠠᠷᠠᠮ᠎ᠠ᠂ ᠠᠵᠢᠯᠴᠢ ᠬᠥᠳᠡᠯᠮᠦᠷᠢᠴᠢ᠂ ᠡᠷᠡᠯᠬᠡᠭ ᠪᠠᠭᠠᠲᠤᠷᠯᠢᠭ᠂ ᠪᠣᠷᠣᠭᠵᠢᠭᠤᠨ ᠵᠠᠩ ᠠᠷᠠᠨᠰᠢᠨ ᠢ ᠲᠤᠰᠬᠠᠳᠠᠭ᠃     ᠣᠷᠴᠣᠨ ᠦᠨᠳᠦᠰᠦᠲᠡᠨ ᠤ ᠡᠮᠡᠭᠲᠡᠶᠢᠴᠦᠳ ᠬᠤᠰᠤᠨ ᠬᠠᠯᠢᠰᠤ ᠪᠠᠷ ᠡᠯ᠎ᠡ ᠵᠦᠢᠯ ᠤᠨ ᠠᠭᠠᠷᠴᠠᠭ᠂ ᠠᠶᠠᠭ᠎ᠠ᠂ ᠬᠠᠶᠢᠷᠴᠠᠭ᠂ ᠬᠠᠶᠢᠷᠴᠠᠭ᠂ ᠰᠠᠭᠤᠯᠠᠭ᠎ᠠ ᠵᠡᠷᠭᠡ ᠰᠠᠪᠠ ᠬᠡᠷᠡᠭᠰᠡᠯ ᠬᠢᠳᠡᠭ᠃ ᠳᠡᠭᠡᠷ᠎ᠡ ᠨᠢ ᠭᠤᠶᠤ ᠰᠠᠶᠢᠬᠠᠨ ᠬᠡ ᠤᠭᠠᠯᠵᠠ ᠰᠡᠶᠢᠯᠵᠦ ᠥᠩᠭᠡ ᠤᠷᠤᠭᠤᠯᠳᠠᠭ᠃ ᠡᠳᠡᠭᠡᠷ ᠬᠤᠰᠤ ᠮᠣᠳᠣᠨ ᠤ ᠬᠠᠯᠢᠰᠤᠨ ᠤ ᠪᠦᠲᠦᠭᠡᠭᠳᠡᠬᠦᠨ ᠨᠢ ᠬᠥᠩᠭᠡᠨ ᠠᠪᠰᠠᠷᠬᠠᠨ ᠪᠥᠭᠡᠳ ᠪᠥᠬᠡᠯᠢᠭ ᠰᠠᠶᠢᠬᠠᠨ ᠤᠷᠠᠯᠢᠭ ᠤᠨ ᠪᠦᠲᠦᠭᠡᠯ ᠶᠤᠮ᠃ ᠡᠮᠡᠭᠲᠡᠶᠢᠴᠦᠳ ᠴᠦ ᠴᠠᠭᠠᠰᠤᠨ ᠳᠡᠭᠡᠷ᠎ᠡ ᠪᠤᠶᠤ ᠬᠤᠰᠤ ᠶᠢᠨ ᠬᠠᠯᠢᠰᠤᠨ ᠳᠡᠭᠡᠷ᠎ᠡ ᠡᠯᠳᠡᠪ ᠵᠦᠶ᠋ᠯ ᠤᠨ ᠬᠡ ᠤᠭᠠᠯᠵᠠ ᠪᠠ ᠠᠷᠢᠶᠠᠲᠠᠨ ᠬᠠᠶᠢᠴᠢᠯᠠᠵᠤ ᠴᠢᠳᠠᠳᠠᠭ᠃ ᠶᠡᠷᠦ ᠳᠡᠭᠡᠨ ᠰᠡᠶᠢᠯᠦᠮᠡᠯ ᠪᠤᠶᠤ ᠬᠠᠳᠬᠤᠮᠠᠯ ᠤᠨ ᠡᠬᠡ ᠳᠡᠪᠲᠡᠷ ᠪᠣᠯᠳᠠᠭ᠃ ᠵᠠᠷᠢᠮ ᠨᠢ ᠬᠡᠦᠬᠡᠳ ᠤᠨ ᠲᠣᠭᠯᠠᠭᠠᠮ ᠪᠤᠶᠤ ᠭᠡᠷ ᠳᠣᠲᠣᠷ᠎ᠠ ᠨᠠᠭᠠᠵᠤ ᠴᠢᠮᠡᠭᠯᠡᠵᠦ᠂ ᠵᠠᠩ ᠥᠢᠯᠨ ᠶᠢᠨ ᠡᠷᠳᠡᠮᠲᠡᠨ ᠳᠤ ︽ᠬᠤᠰᠤᠨ ᠬᠠᠯᠢᠰᠤ︾ ᠭᠡᠵᠦ ᠨᠡᠷᠡᠯᠡᠳᠡᠭ᠃
 
ᠢᠷᠡᠯᠲᠡ᠄ ᠵᠠᠯᠠᠨ ᠠᠢᠢᠯ ᠬᠣᠲᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号