︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠥᠮᠥᠨ ᠤ ᠦᠨᠡᠮᠯᠡᠯ︾ ᠤᠯᠬᠤ | ᠭᠠᠷᠳᠠᠮ ᠢ ᠭᠦᠢᠴᠡᠳᠬᠡᠬᠦ ᠳᠤ ᠠᠩᠬᠠᠷᠬᠤ ᠵᠦᠢᠯᠡᠰ᠄ | ︵ᠨᠢᠭᠡ︶ ᠭᠤᠶᠤᠴᠢᠯᠠᠭᠴᠢ ᠰᠠᠶᠢᠨ ᠳᠤᠷ᠎ᠠ ᠠᠴᠠ ᠪᠠᠨ ᠦᠨᠡᠮᠯᠡᠯ ᠠᠪᠬᠤ᠂ ᠬᠠᠷᠢᠶ᠎ᠠ ᠭᠠᠵᠠᠷ ᠨᠢ ᠬᠠᠮᠢᠶᠠᠷᠬᠤ ᠵᠠᠷᠴᠢᠮ | ᠶᠤᠰᠤᠭᠠᠷ᠂ ᠡᠷᠦᠬᠡ ᠠᠮᠠ ᠨᠢ ᠲᠤᠰ ᠰᠢᠶᠠᠨ ᠤ ᠬᠠᠷᠢᠶᠠᠨ ᠲᠤᠳᠤᠷ᠎ᠠ ᠪᠠᠶᠢᠭ᠎ᠠ ᠪᠠ ᠲᠥᠷᠥ ᠶᠢᠨ ᠶᠠᠪᠤᠳᠠᠯ ᠤᠨ | ᠬᠤᠷᠢᠶ᠎ᠠ ᠠᠴᠠ ᠵᠦᠪᠰᠢᠶᠡᠷᠡᠭᠰᠡᠨ ︽ᠬᠤᠶᠠᠳᠤᠭᠠᠷ ᠤᠳᠠᠭᠠᠨ ᠤ ᠪᠥᠬᠦ ᠤᠯᠤᠰ ᠤᠨ ᠵᠡᠮᠳᠡᠭ ᠬᠥᠮᠥᠰ ᠢ ᠰᠤᠭᠤᠴᠠᠨ | ᠪᠠᠶᠢᠴᠠᠭᠠᠭᠰᠠᠨ ᠵᠡᠮᠳᠡᠭ ᠤᠨ ᠪᠠᠷᠢᠮᠵᠢᠶ᠎ᠠ︾ ︵ᠳᠤᠷᠤᠭᠰᠢ ︽ᠵᠡᠮᠳᠡᠭ ᠤᠨ ᠪᠠᠷᠢᠮᠵᠢᠶ᠎ᠠ︾ ᠭᠡᠵᠦ ᠳᠦᠬᠦᠮᠴᠢᠯᠡᠨᠠ︶ | ᠳᠤ ᠨᠡᠶᠢᠴᠡᠭᠰᠡᠨ ᠬᠠᠷᠠᠭ᠎ᠠ᠂ ᠰᠣᠨᠣᠷ᠂ ᠬᠡᠯᠡ᠂ ᠮᠥᠴᠢ᠂ ᠮᠡᠳᠡᠷᠡᠯ᠂ ᠳᠠᠪᠬᠤᠴᠠᠯ ᠵᠡᠮᠳᠡᠭ ᠵᠡᠷᠭᠡ ᠵᠡᠮᠳᠡᠭ ᠬᠥᠮᠥᠨ | ᠴᠦᠮ ᠬᠤᠶᠠᠳᠤᠭᠠᠷ ᠦᠶ᠎ᠡ ᠶᠢᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠥᠮᠥᠨ ᠤ | ᠦᠨᠡᠮᠯᠡᠯ︾ ᠢ ᠠᠪᠬᠤ ᠪᠠᠷ ᠭᠤᠶᠤᠴᠢᠯᠠᠵᠦ ᠪᠤᠯᠤᠨ᠎ᠠ᠃ ᠨᠢᠭᠡᠨᠲᠡ ᠡᠷᠡᠬᠦᠯᠵᠢᠨ ᠡᠳᠡᠭᠡᠷᠡᠭᠡᠳ ᠵᠡᠮᠳᠡᠭ ᠤᠨ | ᠪᠠᠷᠢᠮᠵᠢᠶ᠎ᠠ ᠳᠤ ᠬᠦᠷᠬᠦ ᠦᠭᠡᠢ ᠪᠤᠯᠤᠭᠰᠠᠨ ᠪᠤᠯ ᠲᠤᠰ ᠦᠨᠡᠮᠯᠡᠯ ᠢ ᠠᠪᠴᠤ ᠪᠣᠯᠬᠤ ᠦᠭᠡᠢ᠃ | ︵ᠬᠤᠶᠠᠷ︶ ᠭᠤᠶᠤᠴᠢᠯᠠᠨ ᠭᠦᠢᠴᠡᠳᠬᠡᠬᠦ ᠲᠡᠰ ᠳᠠᠷᠠᠭᠠᠯᠠᠯ | 1. ᠵᠡᠮᠳᠡᠭ ᠬᠥᠮᠥᠨ ᠨᠢ ᠭᠤᠶᠤᠴᠢᠯᠠᠵᠦ᠂ ᠲᠤᠰᠬᠤᠨ ︵ᠨᠡᠶᠢᠭᠡᠮ ᠤᠨ ᠲᠣᠭᠤᠷᠢᠭ︶ ᠠᠩᠬ᠎ᠠ ᠪᠠᠶᠢᠴᠠᠭᠠᠬᠤ᠄ ᠵᠡᠮᠳᠡᠭ | ᠬᠥᠮᠥᠨ ᠪᠡᠶ᠎ᠡ ᠪᠠᠷ ᠢᠶᠠᠨ ᠪᠤᠶᠤ ᠬᠠᠤᠯᠢ ᠪᠠᠷ ᠲᠣᠭᠲᠠᠭᠠᠭᠰᠠᠨ ᠬᠠᠷᠠᠭᠠᠯᠵᠠᠨ ᠬᠠᠮᠠᠭᠠᠯᠠᠭᠴᠢ ᠨᠢ ᠲᠤᠬᠠᠢ ᠶᠢᠨ | ᠭᠠᠵᠠᠷ ᠤᠨ ᠲᠤᠰᠬᠤᠨ ᠤ ᠠᠷᠠᠳ ᠤᠨ ᠵᠥᠪᠯᠡᠯ ︵ᠨᠡᠶᠢᠭᠡᠮ ᠤᠨ ᠲᠣᠭᠤᠷᠢᠭ︶ ᠪᠤᠶᠤ ᠵᠡᠮᠳᠡᠭᠴᠦᠳ ᠤᠨ | ᠨᠡᠶᠢᠭᠡᠮᠯᠢᠭ ᠲᠤ ᠭᠤᠶᠤᠴᠢᠯᠠᠵᠦ᠂ ᠲᠤᠰᠬᠤᠨ ᠤ ᠠᠷᠠᠳ ᠤᠨ ᠵᠦᠪᠯᠡᠯ ︵ᠨᠡᠶᠢᠭᠡᠮ ᠤᠨ ᠲᠣᠭᠤᠷᠢᠭ︶ ᠪᠤᠶᠤ | ᠵᠡᠮᠳᠡᠭᠴᠦᠳ ᠤᠨ ᠨᠡᠶᠢᠭᠡᠮᠯᠢᠭ ᠨᠢ ᠵᠡᠮᠳᠡᠭ ᠤᠨ ᠪᠠᠷᠢᠮᠵᠢᠶ᠎ᠠ ᠶᠤᠰᠤᠭᠠᠷ ᠠᠩᠬᠠᠨ ᠤ ᠪᠠᠶᠢᠴᠠᠭᠠᠯᠲᠠ ᠬᠢᠵᠦ᠂ ᠠᠩᠬᠠᠨ ᠤ | ᠪᠠᠶᠢᠴᠠᠭᠠᠯᠲᠠ ᠳᠤ ᠨᠡᠶᠢᠴᠡᠭᠰᠡᠨ ᠪᠤᠯ ᠲᠤᠰ ᠲᠤᠰᠬᠤᠨ ︵ᠨᠡᠶᠢᠭᠡᠮ ᠤᠨ ᠲᠤᠭᠤᠷᠢᠭ︶ ᠤ ᠬᠠᠷᠢᠭᠤᠴᠠᠯᠭᠠᠲᠠᠨ ᠠᠴᠠ | ᠭᠠᠷᠳᠠᠨ ᠭᠦᠢᠴᠡᠳᠭᠡᠭᠰᠡᠨ ᠰᠠᠨᠠᠯ᠂ ᠭᠠᠷᠳᠠᠨ ᠭᠦᠢᠴᠡᠳᠭᠡᠭᠴᠢ ᠶᠢᠨ ᠣᠪᠣᠭ ᠨᠡᠷ᠎ᠡ ᠪᠠ ᠴᠠᠭ ᠬᠤᠭᠤᠴᠠᠭ᠎ᠠ ᠳᠤ | ᠭᠠᠷ ᠤᠨ ᠦᠰᠦᠭ ᠵᠢᠷᠤᠵᠤ᠂ ᠠᠯᠪᠠᠨ ᠲᠠᠮᠠᠭ᠎ᠠ ᠳᠠᠷᠤᠨ᠎ᠠ᠃ | 2. ᠪᠠᠯᠭᠠᠰᠤ ︵ᠵᠡᠭᠡᠯᠢ ᠭᠤᠳᠤᠮᠵᠢ︶ ᠶᠢᠨ ᠵᠡᠮᠳᠡᠭᠴᠦᠳ ᠤᠨ ᠬᠤᠯᠪᠤᠭ᠎ᠠ ᠠᠩᠬ᠎ᠠ ᠬᠢᠨᠠᠨ ᠳᠠᠩᠰᠠᠯᠠᠬᠤ᠄ ᠪᠠᠯᠭᠠᠰᠤ ︵ | ᠵᠡᠭᠡᠯᠢ ᠭᠤᠳᠤᠮᠵᠢ︶ ᠶᠢᠨ ᠭᠠᠷᠳᠠᠨ ᠬᠦᠢᠴᠡᠳᠭᠡᠭᠴᠢ ᠪᠤᠶᠤ ᠬᠠᠷᠢᠭᠤᠴᠠᠯᠭᠠᠲᠠᠨ ᠵᠡᠮᠳᠡᠭ ᠤᠨ ᠪᠠᠷᠢᠮᠵᠢᠶ᠎ᠠ ᠶᠢ ᠴᠢᠩᠭ᠎ᠠ | ᠵᠢᠷᠤᠮᠯᠠᠨ ᠠᠩᠬᠠᠨ ᠤ ᠬᠢᠨᠠᠯᠲᠠ ᠬᠢᠵᠦ ᠳᠠᠩᠰᠠᠯᠠᠬᠤ ᠶᠢᠨ ᠬᠠᠮᠲᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠡᠮᠳᠡᠭ ᠬᠥᠮᠥᠨ ᠤ ᠦᠨᠡᠮᠯᠡᠯ ᠭᠤᠶᠤᠴᠢᠯᠠᠬᠤ ᠬᠦᠰᠤᠨᠦᠭᠳᠤ︾ ᠪᠠ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠡᠮᠳᠡᠭ ᠬᠦᠮᠤᠨ ᠤ ᠦᠨᠡᠯᠡᠯᠳᠡ ᠶᠢᠨ ᠬᠦᠰᠤᠨᠦᠭᠳᠤ︾ ᠳᠠᠬᠢ ᠠᠭᠤᠯᠭ᠎ᠠ ︵ᠲᠤᠰ | ᠬᠤᠶᠠᠷ ᠬᠦᠰᠤᠨᠦᠭᠳᠤ ᠶᠢ ᠰᠢᠶᠠᠨ ᠤ ᠵᠡᠮᠳᠡᠭᠴᠦᠳ ᠤᠨ ᠬᠤᠯᠪᠤᠭ᠎ᠠ ᠠᠴᠠ ᠡᠯ᠎ᠡ ᠪᠠᠯᠭᠠᠰᠤ ᠵᠡᠭᠡᠯᠢ ᠶᠢᠨ | ᠵᠡᠮᠳᠡᠭᠴᠦᠳ ᠤᠨ ᠨᠡᠶᠢᠭᠡᠮᠯᠢᠭ ᠲᠤ ᠬᠠᠩᠭᠠᠨ᠎ᠠ᠂ ᠦᠪᠡᠷᠰᠡᠳ ᠢᠶᠠᠨ ᠳᠠᠷᠤᠮᠠᠯᠯᠠᠨ ᠪᠠᠭᠤᠯᠭᠠᠭᠰᠠᠨ ᠴᠤ ᠪᠣᠯᠣᠨ᠎ᠠ︶ ᠶᠢ | ᠦᠨᠡᠨ ᠪᠣᠳᠠᠲᠠᠢ ᠪᠠᠷ ᠲᠠᠭᠯᠠᠵᠤ᠂ ᠭᠤᠶᠤᠴᠢᠯᠠᠭᠴᠢ ᠶᠢᠨ ᠬᠤᠶᠠᠷ ᠢᠮᠠᠬᠤ ᠮᠠᠯᠠᠭᠠᠢ ᠦᠭᠡᠢ ᠪᠤᠳᠤᠭ ᠲᠠᠢ | ᠤᠷᠴᠢᠮ ᠤᠨ ᠭᠡᠷᠡᠯ ᠵᠢᠷᠤᠭ ᠢ ᠨᠠᠭᠠᠵᠤ ︵ᠲᠠᠭᠯᠠᠭᠰᠠᠨ ᠣᠪᠣᠭ ᠨᠡᠷ᠎ᠡ ᠪᠠ ᠨᠠᠭᠠᠭᠰᠠᠨ ᠭᠡᠷᠡᠯ ᠵᠢᠷᠤᠭ ᠨᠢ ᠡᠷᠬᠡᠪᠰᠢ | ᠪᠡᠶ᠎ᠡ ᠶᠢᠨ ᠦᠨᠡᠮᠯᠡᠯ ᠪᠤᠶᠤ ᠡᠷᠦᠭᠡ ᠠᠮᠠ ᠶᠢᠨ ᠳᠠᠩᠰᠠᠨ ᠳᠡᠭᠡᠷᠡᠬᠢ ᠣᠪᠣᠭ ᠨᠡᠷ᠎ᠡ ᠪᠠ ᠬᠥᠮᠥᠨ ᠲᠠᠢ ᠠᠳᠠᠯᠢ ᠪᠠᠶᠢᠬᠤ | ᠬᠡᠷᠡᠭᠲᠡᠢ︶᠂ ᠪᠠᠯᠭᠠᠰᠤ ︵ᠵᠡᠭᠡᠯᠢ ᠭᠤᠳᠤᠮᠵᠢ︶ ᠶᠢᠨ ᠵᠡᠮᠳᠡᠭᠴᠦᠳ ᠤᠨ ᠬᠤᠯᠪᠤᠭ᠎ᠠ ᠶᠢᠨ ᠬᠠᠷᠢᠭᠤᠴᠠᠯᠭᠠᠲᠠᠨ ᠰᠠᠨᠠᠯ᠂ | ᠣᠪᠣᠭ ᠨᠡᠷ᠎ᠡ ᠪᠠ ᠴᠠᠭ ᠬᠤᠭᠤᠴᠠᠭ᠎ᠠ ᠳᠤ ᠭᠠᠷ ᠤᠨ ᠦᠰᠦᠭ ᠵᠢᠷᠤᠨ ᠠᠯᠪᠠᠨ ᠲᠠᠮᠠᠭ᠎ᠠ ᠳᠠᠷᠤᠬᠤ ᠶᠢᠨ ᠬᠠᠮᠲᠤ᠂ | ᠵᠡᠮᠳᠡᠭᠴᠦᠳ ᠢ ᠵᠢᠯᠣᠭᠤᠳᠤᠨ ᠵᠡᠮᠳᠡᠭ ᠤᠨ ᠬᠢᠨᠠᠨ ᠲᠤᠭᠳᠠᠭᠠᠯ ᠳᠤ ᠤᠷᠤᠯᠴᠠᠭᠤᠯᠤᠨ᠎ᠠ᠃ | 3. ᠵᠡᠮᠳᠡᠭ ᠢ ᠬᠢᠨᠠᠨ ᠲᠤᠭᠳᠠᠭᠠᠬᠤ ᠰᠢᠶᠠᠨ ᠤ ᠲᠤᠭᠳᠠᠭᠰᠠᠨ ᠡᠮᠨᠡᠯᠭᠡ ᠶᠢᠨ ᠬᠤᠷᠢᠶ᠎ᠠ ᠬᠢᠨᠠᠨ ᠲᠤᠭᠳᠠᠭᠠᠬᠤ᠄ | ᠵᠡᠮᠳᠡᠭ ᠢ ᠬᠢᠨᠠᠨ ᠲᠤᠭᠳᠠᠭᠠᠬᠤ ᠰᠢᠶᠠᠨ ᠤ ᠲᠤᠭᠳᠠᠭᠰᠠᠨ ᠡᠮᠨᠡᠯᠭᠡ ᠶᠢᠨ ᠬᠤᠷᠢᠶ᠎ᠠ ᠶᠢᠨ ᠬᠢᠨᠠᠨ ᠲᠣᠭᠲᠠᠭᠠᠬᠤ ᠡᠮᠴᠢ ᠨᠢ | ᠡᠷᠬᠡᠪᠰᠢ ᠵᠡᠮᠳᠡᠭ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠨᠠᠷᠢᠨ ᠬᠢᠨᠠᠮᠠᠭᠠᠢ ᠬᠢᠨᠠᠨ ᠲᠣᠭᠲᠠᠭᠠᠬᠤ ᠶᠢᠨ ᠬᠠᠮᠲᠤ᠂ ︽ | ᠬᠢᠨᠠᠨ ᠲᠣᠭᠲᠠᠭᠠᠬᠤ ᠰᠠᠨᠠᠯ᠂ ᠵᠡᠮᠳᠡᠭ ᠤᠨ ᠲᠦᠷᠦᠯ᠂ ᠵᠡᠮᠳᠡᠭ ᠤᠨ ᠳᠡᠰ︾ ᠵᠡᠷᠭᠡ ᠶᠢ ᠬᠢᠨᠠᠨ ᠲᠣᠭᠲᠠᠭᠠᠭᠰᠠᠨ ᠦᠷ᠎ᠡ | ᠳ᠋ᠦᠩ ᠵᠢᠴᠢ ᠦᠪᠡᠷ ᠤᠨ ᠣᠪᠣᠭ ᠨᠡᠷ᠎ᠡ ᠪᠠ ᠴᠠᠭ ᠬᠤᠭᠤᠴᠠᠭ᠎ᠠ ᠳᠤ ᠭᠠᠷ ᠤᠨ ᠦᠰᠦᠭ ᠵᠢᠷᠤᠵᠦ᠂ ᠲᠣᠰ | ᠡᠮᠨᠡᠯᠭᠡ ᠶᠢᠨ ᠬᠤᠷᠢᠶ᠎ᠠ ᠶᠢᠨ ᠠᠯᠪᠠᠨ ᠲᠠᠮᠠᠭ᠎ᠠ ᠶᠢ ᠨᠡᠮᠡᠵᠦ ᠳᠠᠷᠤᠨ᠎ᠠ᠃ | 4. ᠰᠢᠶᠠᠨ ᠤ ᠵᠡᠮᠳᠡᠭᠴᠦᠳ ᠤᠨ ᠬᠤᠯᠪᠤᠭ᠎ᠠ ᠳᠠᠩᠰᠠᠯᠠᠨ ᠬᠢᠨᠠᠨ ᠪᠠᠶᠢᠴᠠᠭᠠᠵᠤ᠂ ᠰᠦᠯᠵᠢᠶᠡᠨ ᠳᠡᠭᠡᠷ᠎ᠡ ᠬᠤᠲᠠ ᠶᠢᠨ | ᠵᠡᠮᠳᠡᠭᠴᠦᠳ ᠤᠨ ᠬᠤᠯᠪᠤᠭ᠎ᠠ ᠳᠤ ᠮᠡᠳᠡᠭᠦᠯᠦᠨ ᠬᠢᠨᠠᠨ ᠵᠦᠪᠰᠢᠶᠡᠷᠡᠭᠦᠯᠬᠦ᠄ ᠰᠢᠶᠠᠨ ᠤ ᠵᠡᠮᠳᠡᠭᠴᠦᠳ ᠤᠨ | ᠬᠤᠯᠪᠤᠭ᠎ᠠ ᠨᠢ ᠭᠤᠶᠤᠴᠢᠯᠠᠯ ᠤᠨ ᠬᠦᠰᠤᠨᠦᠭᠳᠤ ᠪᠠ ᠦᠨᠡᠯᠡᠯᠳᠡ ᠶᠢᠨ ᠬᠦᠰᠤᠨᠦᠭᠳᠤ ᠶᠢ ᠬᠦᠯᠢᠶᠡᠨ ᠠᠪᠤᠭᠰᠠᠨ ᠤ | ᠳᠠᠷᠠᠭ᠎ᠠ ᠰᠦᠯᠵᠢᠶᠡᠨ ᠳᠡᠭᠡᠷ᠎ᠡ ᠦᠨᠡᠮᠯᠡᠯ ᠭᠦᠢᠴᠡᠳᠬᠡᠬᠦ ᠶᠢ ᠳᠠᠩᠰᠠᠯᠠᠬᠤ ᠶᠢᠨ ᠬᠠᠮᠲᠤ ᠪᠠᠯᠭᠠᠰᠤ ︵ᠵᠡᠭᠡᠯᠢ ᠭᠤᠳᠤᠮᠵᠢ | ︶ ᠶᠢᠨ ᠵᠡᠮᠳᠡᠭᠴᠦᠳ ᠤᠨ ᠬᠤᠯᠪᠤᠭ᠎ᠠ ᠶᠢᠨ ᠠᠵᠢᠯᠳᠠᠳ ᠲᠠᠢ ᠬᠠᠮᠲᠤ ᠪᠠᠷ ᠵᠡᠮᠳᠡᠭᠴᠦᠳ ᠤᠨ ᠬᠦᠮᠦᠨ ᠠᠮᠠ ᠶᠢᠨ | ᠰᠠᠭᠤᠷᠢ ᠲᠤᠭ᠎ᠠ ᠪᠠᠷᠢᠮᠲᠠ ᠳᠤ ᠣᠷᠣᠭᠤᠯᠵᠤ᠂ ᠰᠢᠶᠠᠨ ᠤ ᠵᠡᠮᠳᠡᠭᠴᠦᠳ ᠤᠨ ᠬᠤᠯᠪᠤᠭ᠎ᠠ ᠶᠢᠨ ᠬᠠᠷᠢᠭᠤᠴᠠᠯᠭᠠᠲᠠᠨ | ᠴᠢᠩᠭ᠎ᠠ ᠬᠠᠷᠢᠭᠤᠴᠠᠵᠦ ᠦᠪᠡᠷ ᠤᠨ ᠣᠪᠣᠭ ᠨᠡᠷ᠎ᠡ ᠪᠠ ᠴᠠᠭ ᠬᠤᠭᠤᠴᠠᠭ᠎ᠠ ᠳᠤ ᠭᠠᠷ ᠤᠨ ᠦᠰᠦᠭ ᠵᠢᠷᠣᠵᠤ᠂ | ᠠᠯᠪᠠᠨ ᠲᠠᠮᠠᠭ᠎ᠠ ᠳᠠᠷᠤᠨ᠎ᠠ︔ ᠬᠤᠳᠠ ᠶᠢᠨ ᠵᠡᠮᠳᠡᠭᠴᠦᠳ ᠤᠨ ᠬᠤᠯᠪᠤᠭ᠎ᠠ ᠶᠢᠨ ᠰᠦᠯᠵᠢᠶᠡᠨ ᠳᠡᠭᠡᠷ᠎ᠡ ᠬᠢᠨᠠᠨ | ᠵᠦᠪᠰᠢᠶᠡᠷᠡᠬᠦᠯᠬᠦ ᠪᠠᠷ ᠮᠡᠳᠡᠬᠦᠯᠵᠦ᠂ ᠬᠢᠨᠠᠨ ᠵᠦᠪᠰᠢᠶᠡᠷᠡᠭᠦᠯᠦᠭᠰᠡᠨ ᠤ ᠳᠠᠷᠠᠭ᠎ᠠ ︽ᠵᠡᠮᠳᠡᠭ ᠬᠥᠮᠥᠨ ᠤ ᠦᠨᠡᠮᠯᠡᠯ︾ ᠢ | ᠳᠠᠷᠤᠮᠠᠯᠯᠠᠨ᠎ᠠ᠃ | 5. ᠬᠤᠳᠠ ᠶᠢᠨ ᠵᠡᠮᠳᠡᠭᠴᠦᠳ ᠤᠨ ᠬᠤᠯᠪᠤᠭ᠎ᠠ ᠬᠢᠨᠠᠨ ᠵᠦᠪᠰᠢᠶᠡᠷᠡᠵᠦ᠂ ᠪᠣᠯᠣᠳ ᠲᠠᠮᠠᠭ᠎ᠠ ᠨᠡᠮᠡᠵᠦ ᠳᠠᠷᠤᠨ᠎ᠠ᠃ | 6. ᠦᠨᠡᠮᠯᠡᠯ ᠣᠯᠭᠤᠨ᠎ᠠ᠃ ᠳᠤᠳᠤᠷᠬᠠᠶᠢᠯᠠᠯ᠄ ᠨᠢᠭᠡ᠂ ᠬᠤᠶᠠᠳᠤᠭᠠᠷ ᠵᠦᠢᠯ ᠢ ᠬᠠᠮᠳᠤ ᠳᠤᠨᠢ ᠭᠦᠢᠴᠡᠳᠬᠡᠵᠦ | ᠪᠤᠯᠤᠨ᠎ᠠ᠃ | ︵ᠭᠤᠷᠪᠠ︶ ᠵᠡᠮᠳᠡᠭ ᠢ ᠬᠢᠨᠠᠨ ᠲᠣᠭᠲᠠᠭᠠᠬᠤ ᠲᠣᠭᠲᠠᠭᠰᠠᠨ ᠡᠮᠨᠡᠯᠭᠡ ᠶᠢᠨ ᠬᠤᠷᠢᠶ᠎ᠠ ᠪᠠ ᠵᠡᠮᠳᠡᠭ ᠢ ᠬᠢᠨᠠᠨ | ᠲᠣᠭᠲᠠᠭᠠᠬᠤ ᠰᠦᠢᠳᠬᠡᠯ ᠵᠢᠴᠢ ᠬᠢᠨᠠᠨ ᠲᠣᠭᠲᠠᠭᠠᠬᠤ ᠴᠠᠭ ᠬᠤᠭᠤᠴᠠᠭ᠎ᠠ ᠷᠦᠩ ᠴᠠᠩ ᠰᠢᠶᠠᠨ ᠤ ᠠᠷᠠᠳ ᠤᠨ | ᠡᠮᠨᠡᠯᠭᠡ ᠶᠢᠨ ᠬᠤᠷᠢᠶ᠎ᠠ᠂ ᠷᠦᠩ ᠴᠠᠩ ᠰᠢᠶᠠᠨ ᠤ ᠬᠢᠲᠠᠳ ᠡᠮᠨᠡᠯᠭᠡ ᠶᠢᠨ ᠬᠤᠷᠢᠶ᠎ᠠ ᠨᠢ ᠬᠠᠷᠠᠭ᠎ᠠ᠂ ᠰᠣᠨᠣᠷ᠂ ᠬᠡᠯᠡ᠂ | ᠮᠥᠴᠢ᠂ ᠮᠡᠳᠡᠷᠡᠯ ᠤᠨ ᠵᠡᠮᠳᠡᠭ ᠢ ᠬᠢᠨᠠᠨ ᠲᠤᠭᠳᠠᠭᠠᠬᠤ ᠪᠠ ᠳᠠᠪᠬᠤᠴᠠᠭᠰᠠᠨ ᠵᠡᠮᠳᠡᠭ ᠢ ᠬᠢᠨᠠᠨ ᠲᠣᠭᠲᠠᠭᠠᠬᠤ ᠶᠢ | ᠬᠠᠷᠢᠭᠤᠴᠠᠵᠤ᠂ ᠶᠦᠩ ᠷᠦᠩ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ | ᠶᠡᠷᠦᠩᠬᠡᠢ ᠡᠮᠨᠡᠯᠭᠡ ᠶᠢᠨ ᠬᠤᠷᠢᠶ᠎ᠠ ᠨᠢ ᠤᠶᠤᠨ ᠮᠡᠳᠡᠷᠡᠯ ᠤᠨ ᠵᠡᠮᠳᠡᠭ ᠢ ᠬᠢᠨᠠᠨ ᠲᠣᠭᠲᠠᠭᠠᠨ᠎ᠠ᠃ ᠵᠡᠮᠳᠡᠭ ᠢ ᠬᠢᠨᠠᠨ | ᠲᠣᠭᠲᠠᠭᠠᠬᠤ ᠰᠦᠢᠳᠭᠡᠯ ᠢ ᠳᠡᠭᠡᠷ᠎ᠡ ᠳᠤᠷᠠᠳᠤᠭᠰᠠᠨ ᠬᠢᠨᠠᠨ ᠲᠣᠭᠲᠠᠭᠠᠬᠤ ᠭᠤᠷᠪᠠᠨ ᠲᠣᠭᠲᠠᠭᠰᠠᠨ ᠡᠮᠨᠡᠯᠭᠡ ᠶᠢᠨ | ᠬᠤᠷᠢᠶ᠎ᠠ ᠨᠢ ᠴᠦᠩᠴᠢᠩ ᠬᠤᠲᠠ ᠶᠢᠨ ᠪᠠᠷᠠᠭᠠᠨ ᠤ ᠦᠨ᠎ᠡ ᠶᠢᠨ ᠲᠣᠪᠴᠢᠶ᠎ᠠ᠂ ᠴᠦᠩᠴᠢᠩ ᠬᠤᠲᠠ ᠶᠢᠨ ᠡᠷᠡᠭᠦᠯ | ᠬᠠᠮᠠᠭᠠᠯᠠᠯ ᠤᠨ ᠲᠣᠪᠴᠢᠶ᠎ᠠ ᠶᠢᠨ ᠲᠤᠭᠲᠠᠭᠠᠭᠰᠠᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠦᠨᠳᠤᠰᠤᠯᠡᠨ | ᠬᠠᠷᠠᠭᠠᠯᠵᠠᠯ ᠲᠠᠢ ᠬᠤᠷᠢᠶᠠᠵᠤ᠂ ᠲᠤᠰ ᠵᠠᠷᠤᠳᠠᠯ ᠢ ᠭᠤᠶᠤᠴᠢᠯᠠᠭᠴᠢ ᠦᠪᠡᠷᠳᠡᠭᠡᠨ ᠬᠠᠷᠢᠭᠤᠴᠠᠨ᠎ᠠ᠃ 2009 | ᠣᠨ ᠤ 7 ᠳ᠋ᠤᠭᠠᠷ ᠰᠠᠷ᠎ᠠ — 12 ᠳ᠋ᠤᠭᠠᠷ ᠰᠠᠷ᠎ᠠ ᠶᠢᠨ 5 ᠤ ᠡᠳᠦᠷ᠂ 15 ᠤ ᠡᠳᠦᠷ᠂ 25 ᠤ ᠡᠳᠦᠷ ︵ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠳᠣᠬᠢᠶᠠᠯᠳᠤᠪᠠᠯ ᠤᠬᠤᠷᠢᠭᠤᠯᠤᠨ ᠤᠷᠳᠤᠳᠬᠠᠨ᠎ᠠ︶ ᠲᠣᠭᠲᠠᠭᠰᠠᠨ ᠡᠮᠨᠡᠯᠭᠡ ᠶᠢᠨ | ᠬᠤᠷᠢᠶ᠎ᠠ ᠳᠤ ᠦᠪᠡᠷᠳᠡᠭᠡᠨ ᠬᠢᠨᠠᠨ ᠲᠣᠭᠲᠠᠭᠠᠯᠭᠠᠨ᠎ᠠ︔ 2010 ᠣᠨ ᠠᠴᠠ ᠬᠤᠶᠢᠰᠢ᠂ ᠰᠠᠷ᠎ᠠ ᠪᠣᠯᠭᠠᠨ ᠤ 15 ᠤ | ᠡᠳᠦᠷ ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠳᠣᠬᠢᠶᠠᠯᠳᠤᠪᠠᠯ ᠤᠬᠤᠷᠢᠭᠤᠯᠤᠨ ᠤᠷᠳᠤᠳᠬᠠᠨ᠎ᠠ︶ | ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠦᠪᠡᠷᠳᠡᠭᠡᠨ ᠬᠢᠨᠠᠨ ᠲᠣᠭᠲᠠᠭᠠᠯᠭᠠᠨ᠎ᠠ᠃ | ︵ᠳᠥᠷᠪᠡ︶ ᠦᠨᠡᠮᠯᠡᠯ ᠤᠨ ᠭᠠᠷᠳᠠᠮ ᠭᠦᠢᠴᠡᠳᠬᠡᠬᠦ ᠳᠤ ᠬᠠᠩᠭᠠᠬᠤ ᠴᠢᠬᠤᠯᠠᠲᠠᠢ ᠮᠠᠲ᠋ᠧᠷᠢᠶᠠᠯ ᠪᠠ ᠠᠩᠬᠠᠷᠬᠤ | ᠵᠦᠢᠯᠡᠰ | ︵1︶ ᠭᠤᠶᠤᠴᠢᠯᠠᠭᠴᠢ ᠶᠢᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠠᠩᠰᠠ ᠶᠢᠨ ᠡᠬᠡ ᠲᠡᠪᠳᠡᠷ ᠵᠢᠴᠢ ᠨᠢᠭᠡ | ᠬᠤᠪᠢ ᠬᠠᠭᠤᠯᠪᠤᠷᠢ ︵ᠡᠬᠡ ᠳᠡᠪᠳᠡᠷ ᠢᠶᠠᠨ ᠦᠵᠡᠭᠦᠯᠵᠦ᠂ ᠬᠠᠭᠤᠯᠪᠤᠷᠢ ᠳᠡᠪᠳᠡᠷ ᠢᠶᠠᠨ ᠲᠤᠰᠢᠶᠠᠨ᠎ᠠ︶᠃ ᠬᠡᠷᠪᠡ | ᠪᠡᠶ᠎ᠡ ᠶᠢᠨ ᠦᠨᠡᠮᠯᠡᠯ ᠪᠠ ᠡᠷᠦᠬᠡ ᠠᠮᠠ ᠶᠢᠨ ᠳᠠᠩᠰᠠ ᠶᠢᠨ ᠠᠭᠤᠯᠭ᠎ᠠ ᠨᠢ ᠪᠤᠳᠠᠲᠠᠢ ᠲᠠᠢ ᠨᠡᠶᠢᠴᠡᠬᠦ ᠦᠭᠡᠢ ᠠᠴᠠ | ᠪᠤᠯᠵᠦ ᠬᠡᠷᠡᠴᠢ ᠠᠪᠬᠤ ᠴᠢᠬᠤᠯᠠᠲᠠᠢ ᠪᠣᠯ ᠭᠤᠶᠤᠴᠢᠯᠠᠭᠴᠢ ᠶᠢᠨ ᠡᠷᠦᠭᠡ ᠠᠮᠠ ᠪᠠᠶᠢᠭ᠎ᠠ ᠭᠠᠵᠠᠷ ᠤᠨ ᠲᠣᠳᠤᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠬᠢᠵᠦ ᠦᠭᠭᠦᠭᠰᠡᠨ ᠡᠷᠦᠭᠡ ᠠᠮᠠ ᠶᠢᠨ ᠭᠡᠷᠡᠴᠢ ᠶᠢ ᠲᠤᠰᠢᠶᠠᠨ᠎ᠠ︔ | ︵2︶ ᠭᠤᠶᠤᠴᠢᠯᠠᠭᠴᠢ ᠶᠢᠨ ᠬᠤᠶᠠᠷ ᠢᠮᠠᠬᠤ ᠶᠢᠨ ᠮᠠᠯᠠᠭᠠᠢ ᠦᠭᠡᠢ ᠪᠤᠳᠤᠭ ᠲᠠᠢ ᠤᠷᠴᠢᠮ ᠤᠨ ᠭᠡᠷᠡᠯ ᠵᠢᠷᠤᠭ 3 | ᠬᠤᠪᠢ ︵ᠵᠠᠷᠤᠳᠠᠯ ᠢ ᠥᠪᠡᠷᠲᠡᠭᠡᠨ ᠬᠠᠷᠢᠭᠤᠴᠠᠬᠤ ᠶᠢᠨ ᠬᠠᠮᠲᠤ ᠭᠡᠷᠡᠯ ᠵᠢᠷᠤᠭ ᠤᠨ ᠠᠷᠤ ᠲᠠᠯ᠎ᠠ ᠳᠤ | ᠭᠤᠶᠤᠴᠢᠯᠠᠭᠴᠢ ᠶᠢᠨ ᠣᠪᠣᠭ ᠨᠡᠷ᠎ᠡ ᠢᠶᠠᠨ ᠪᠢᠴᠢᠵᠦ᠂ ᠭᠤᠶᠤᠴᠢᠯᠠᠯ ᠤᠨ ᠬᠦᠰᠤᠨᠦᠭᠳᠤ᠂ ᠬᠢᠨᠠᠨ ᠲᠤᠭᠳᠠᠭᠠᠯ ᠤᠨ | ᠬᠦᠰᠤᠨᠦᠭᠳᠤ᠂ ᠵᠡᠮᠳᠡᠭ ᠬᠥᠮᠥᠨ ᠤ ᠦᠨᠡᠮᠯᠡᠯ ᠳᠡᠭᠡᠷ᠎ᠡ ᠨᠠᠭᠠᠬᠤ ᠳᠤ ᠬᠡᠷᠡᠭᠯᠡᠨ᠎ᠡ︶︔ | ︵3︶ ᠭᠤᠶᠤᠴᠢᠯᠠᠨ ᠭᠦᠢᠴᠡᠳᠬᠡᠬᠦ ᠲᠡᠰ ᠳᠠᠷᠠᠭᠠᠯᠠᠯ ᠤᠨ 1. 2. 3 ᠳ᠋ᠤᠭᠠᠷ ᠵᠦᠢᠯ ᠢ ᠭᠦᠢᠴᠡᠳᠭᠡᠭᠰᠡᠨ ᠤ | ᠳᠠᠷᠠᠭᠠᠬᠢ᠂ ᠪᠦᠷᠢᠨ ᠭᠦᠢᠴᠡᠳ ᠲᠠᠭᠯᠠᠭᠰᠠᠨ ᠪᠠ ᠭᠡᠷᠡᠯ ᠵᠢᠷᠤᠭ ᠨᠠᠭᠠᠭᠰᠠᠨ ︽ᠪᠥᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠡᠮᠳᠡᠭ ᠭᠥᠮᠥᠨ ᠤ ᠦᠨᠡᠮᠯᠡᠯ ᠭᠤᠶᠤᠴᠢᠯᠠᠬᠤ ᠬᠦᠰᠤᠨᠦᠭᠳᠤ︾᠂ ︽ᠪᠥᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠡᠮᠳᠡᠭ ᠤᠨ ᠦᠨᠡᠯᠡᠯᠳᠡ ᠶᠢᠨ ᠬᠦᠰᠤᠨᠦᠭᠳᠤ︾ ᠨᠢᠭᠡ ᠬᠡᠪ ᠤᠨ ᠲᠤᠰᠪᠤᠷᠢ ᠨᠢᠭᠡ | ᠬᠤᠪᠢ᠃ ᠳᠡᠭᠡᠷᠡᠬᠢ ᠭᠤᠷᠪᠠᠨ ᠵᠦᠢᠯ ᠤᠨ ᠮᠠᠲ᠋ᠧᠷᠢᠶᠠᠯ ᠤᠨ ᠠᠯᠢ ᠨᠢᠭᠡ ᠨᠢ ᠴᠦ ᠲᠤᠲᠠᠵᠤ ᠪᠣᠯᠬᠤ ᠦᠭᠡᠢ᠃ | ᠮᠠᠲ᠋ᠧᠷᠢᠶᠠᠯ ᠨᠢ ᠪᠦᠷᠢᠨ ᠪᠤᠰᠤ ᠪᠣᠯ᠂ ᠨᠥᠬᠦᠵᠦ ᠪᠦᠷᠢᠳᠤᠭᠦᠯᠦᠭᠰᠡᠨ ᠤ ᠰᠡᠭᠦᠯᠡᠷ ᠰᠠᠶ᠋ᠢ ᠰᠦᠯᠵᠢᠶᠡᠨ ᠳᠡᠭᠡᠷ᠎ᠡ | ᠭᠦᠢᠴᠡᠳᠭᠡᠵᠦ ᠪᠤᠯᠤᠨ᠎ᠠ᠃ 2010 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠤᠯᠤᠰ ᠳᠠᠶᠠᠭᠠᠷ | ᠴᠦᠮ ᠬᠤᠶᠠᠳᠤᠭᠠᠷ ᠦᠶ᠎ᠡ ᠶᠢᠨ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠦᠮᠦᠨ ᠤ | ᠦᠨᠡᠮᠯᠡᠯ︾ ᠢ ᠬᠡᠷᠡᠭᠯᠡᠵᠦ᠂ ᠨᠢᠭᠡᠳᠦᠭᠡᠷ ᠦᠶ᠎ᠡ ᠶᠢᠨ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠵᠡᠮᠳᠡᠭ ᠬᠦᠮᠦᠨ ᠤ ᠦᠨᠡᠮᠯᠡᠯ︾ ᠢ ᠡᠭᠦᠨ ᠤ ᠬᠠᠮᠲᠤ ᠬᠦᠴᠦᠨ ᠦᠭᠡᠢ ᠪᠣᠯᠭᠠᠨ᠎ᠠ᠃ ᠬᠤᠶᠠᠳᠤᠭᠠᠷ ᠦᠶ᠎ᠡ ᠶᠢᠨ | ᠦᠨᠡᠮᠯᠡᠯ ᠢ ᠰᠢᠨ᠎ᠡ ᠪᠠᠷ ᠰᠤᠯᠢᠵᠤ ᠣᠯᠭᠤᠬᠤ ᠦᠶᠡᠰ᠂ ᠤᠤᠯ ᠤᠨ ᠨᠢᠭᠡᠳᠦᠭᠡᠷ ᠦᠶ᠎ᠡ ᠶᠢᠨ ᠦᠨᠡᠮᠯᠡᠯ ᠢ ᠰᠢᠶᠠᠨ ᠤ | ᠵᠡᠮᠳᠡᠭᠴᠦᠳ ᠤᠨ ᠬᠤᠯᠪᠤᠭ᠎ᠠ ᠬᠤᠷᠢᠶᠠᠨ ᠠᠪᠬᠤ ᠶᠢᠨ ᠬᠠᠮᠲᠤ ᠬᠦᠴᠦᠨ ᠦᠭᠡᠢ ᠪᠣᠯᠭᠠᠬᠤ ᠲᠠᠮᠠᠭ᠎ᠠ ᠳᠠᠷᠤᠨ᠎ᠠ᠃ | ᠨᠢᠭᠡᠳᠦᠭᠡᠷ ᠦᠶ᠎ᠡ ᠶᠢᠨ ᠦᠨᠡᠮᠯᠡᠯ ᠢᠶᠠᠨ ᠭᠡᠭᠡᠭᠰᠡᠨ ᠪᠣᠯ ᠰᠢᠨ᠎ᠡ ᠦᠨᠡᠮᠯᠡᠯ ᠤᠯᠭᠤᠬᠤ ᠠᠷᠭ᠎ᠠ ᠪᠠᠷ ᠰᠢᠢᠳᠪᠦᠷᠢᠯᠡᠨ᠎ᠡ᠃ |