︵117 ᠳ᠋ᠤᠭᠠᠷ︶ ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2021/1/28
     ᠴᠠᠭᠠᠨ ᠰᠠᠷ᠎ᠠ ᠣᠶᠢᠷᠠᠳᠬᠤᠶ᠎ᠠ᠂ ᠨᠤᠲᠤᠭ ᠲᠠᠭᠠᠨ ᠪᠤᠴᠠᠬᠤ ᠣᠷᠭᠢᠯ ᠤᠨ ᠬᠤᠭᠤᠴᠠᠭ᠎ᠠ ᠲᠤᠯᠭᠠᠷᠠᠵᠤ ᠪᠣᠶ᠂ ᠬᠥᠯᠥᠨ ᠪᠤᠶᠢᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 17᠂ 18᠂ 19  ᠳ᠋ᠦ᠋ᠭᠡᠷ ᠲᠣᠭᠠᠲᠤ ᠠᠯᠪᠠᠨ ᠵᠠᠷᠯᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠡᠪᠦᠯ ᠬᠠᠪᠤᠷ ᠤᠨ ᠤᠯᠠᠷᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠵᠦ᠂ ᠥᠷᠭᠡᠨ ᠣᠯᠠᠨ ᠬᠤᠲᠠ ᠶᠢᠨ ᠠᠷᠠᠳ ᠤᠨ ᠡᠷᠡᠭᠦᠯ ᠮᠡᠨᠳᠦ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ  ᠵᠦᠢᠯᠡᠰ ᠢ ᠳᠣᠤᠷᠠᠬᠢ ᠮᠡᠲᠦ  ᠵᠠᠷᠯᠠᠶ᠎ᠠ᠄     ᠨᠢᠭᠡ᠂ ᠪᠤᠴᠠᠵᠤ ᠢᠷᠡᠬᠦ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ     ᠬᠤᠶᠠᠷ ᠵᠢᠴᠢ ᠲᠡᠭᠦᠨ ᠠᠴᠠ ᠳᠡᠭᠡᠭᠰᠢᠬᠢ ᠳᠤᠮᠳᠠ ᠥᠨᠳᠥᠷ ᠲᠠᠰ ᠤᠨ ᠲᠦᠭᠰᠢᠭᠦᠷᠢᠲᠡᠶ ᠬᠤᠲᠠ ᠶᠢᠨ ᠮᠤᠵᠢ ᠣᠷᠣᠨ ᠢ ᠭᠠᠷᠭᠠᠪᠠᠯ᠂ ᠪᠤᠰᠤᠳ ᠣᠷᠣᠨ ᠠᠴᠠ ᠭᠠᠳᠠᠨᠠᠬᠢ ᠳᠣᠤᠷ᠎ᠠ ᠲᠠᠰ ᠤᠨ ᠲᠦᠭᠰᠢᠭᠦᠷᠢᠲᠡᠶ ᠭᠠᠵᠠᠷ ᠣᠷᠣᠨ ᠤ ᠪᠤᠴᠠᠵᠤ ᠢᠷᠡᠭᠰᠡᠨ ᠬᠥᠮᠦᠰ ᠨᠢ 7 ᠡᠳᠦᠷ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠪᠤᠶᠤ 7 ᠡᠳᠦᠷ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷᠲᠠᠶ ᠮᠡᠳᠡᠭᠡ ᠵᠠᠩᠭᠢ ᠶᠢ ᠪᠠᠭᠲᠠᠭᠠᠭᠰᠠᠨ ᠡᠷᠡᠭᠦᠯ ᠮᠡᠨᠳᠦ ᠶᠢᠨ ᠨᠡᠪᠲᠡᠷᠡᠬᠦ ᠺᠣᠳ᠋ ᠢᠶᠠᠨ ᠠᠪᠴᠤ᠂ ︽ᠨᠣᠭᠤᠭᠠᠨ ᠺᠣᠳ᠋︾ ᠢᠶᠠᠨ ᠬᠠᠩᠭᠠᠵᠤ ᠳᠡᠶᠢᠯᠬᠦ ᠥᠬᠡᠶ ᠪᠣᠯ᠂ ᠵᠠᠬ᠎ᠠ ᠳᠡᠯᠭᠡᠭᠦᠷ ᠲᠤ ᠣᠷᠣᠬᠤ ᠭᠠᠵᠠᠷ ᠣᠷᠣᠨ ᠳᠤ ᠬᠠᠮᠤᠭ ᠤᠨ ᠲᠡᠷᠢᠭᠦᠨ ᠳᠤ ᠲᠥᠪᠯᠡᠷᠡᠭᠦᠯᠦᠨ ᠲᠤᠰᠠᠭᠠᠷᠯᠠᠵᠤ᠂ 24 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠪᠡᠶᠡᠯᠡᠭᠦᠯᠵᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠲᠠᠢ ᠪᠣᠯ  ᠲᠣᠰᠠᠭᠠᠷᠯᠠᠬᠤ ᠪᠠᠨ ᠪᠠᠶᠢᠵᠤ᠂ ᠬᠡᠷ ᠲᠡᠭᠡᠨ ᠰᠠᠭᠤᠵᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠶᠢ ᠬᠡᠷᠡᠭᠵᠢᠭᠦᠯᠦᠨ᠎ᠡ᠃ ᠪᠠᠶᠢᠭ᠎ᠠ ᠭᠠᠵᠠᠷ ᠤᠨ ᠲᠣᠰᠬᠤᠨ ︵ᠨᠡᠶᠢᠭᠡᠮ ᠲᠣᠭᠤᠷᠢᠭ︶ ᠠᠴᠠ ᠲᠡᠳᠡᠨ ᠳᠤ ᠲᠣᠤᠷᠴᠢᠯᠠᠭᠰᠠᠨ ᠬᠠᠮᠢᠶᠠᠷᠤᠯᠲᠠ ᠬᠢᠵᠦ᠂ ︽14 + 2︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠂ ᠲᠤᠬᠠᠶᠢᠯᠠᠪᠠᠯ 14 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠶᠢᠨ ᠬᠠᠮᠲᠤ ᠬᠡᠷ ᠲᠡᠭᠡᠨ  ᠲᠣᠰᠠᠭᠠᠷᠯᠠᠭᠰᠠᠨ 7 ᠳ᠋ᠤᠭᠠᠷ ᠡᠳᠦᠷ ᠪᠠ 14  ᠳ᠋ᠦ᠋ᠭᠡᠷ ᠡᠳᠦᠷ ᠲᠤ ᠲᠣᠰ ᠲᠣᠰ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠭᠠᠷᠪᠠᠯ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠬᠤᠶᠠᠷ ᠠᠴᠠ ᠳᠡᠭᠡᠭᠰᠢᠬᠢ ᠳᠤᠮᠳᠠ ᠥᠨᠳᠥᠷ ᠲᠠᠰ ᠤᠨ ᠲᠦᠭᠰᠢᠭᠦᠷᠢ ᠪᠥᠬᠦᠶ ᠬᠤᠲᠠ ᠲᠠᠢ ᠮᠤᠵᠢ ᠣᠷᠣᠨ ᠤ ᠲᠦᠭᠰᠢᠭᠦᠷᠢ ᠪᠠᠭᠠᠲᠠᠶ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠲᠤ 14 ᠡᠳᠦᠷ ᠤᠨ ᠬᠡᠷ ᠲᠡᠭᠡᠨ ᠲᠤᠰᠠᠭᠠᠷᠯᠠᠨ ᠬᠠᠮᠢᠶᠠᠷᠤᠨ ᠡᠵᠡᠮᠳᠡᠬᠦ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠨᠢ ᠳᠡᠭᠡᠷᠡᠬᠢ ᠲᠠᠢ ᠠᠳᠠᠯᠢ ᠶᠤᠮ᠃     ᠬᠤᠶᠠᠷ᠂ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠲᠦᠷᠢᠮ ᠢ ᠬᠡᠷᠡᠭᠵᠢᠭᠦᠯᠬᠦ     ᠪᠤᠴᠠᠵᠤ ᠢᠷᠡᠭᠰᠡᠨ ᠬᠥᠮᠦᠰ ᠴᠥᠮ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠂ ᠬᠤᠪᠢ ᠬᠥᠮᠦᠨ ᠪᠤᠶᠤ ᠲᠥᠷᠥᠯ ᠰᠠᠳᠤᠨ ᠨᠢ 3 ᠡᠳᠦᠷ ᠤᠨ ᠡᠮᠦᠨ᠎ᠡ ᠪᠤᠴᠠᠵᠤ ᠢᠷᠡᠭᠰᠡᠨ ᠬᠥᠮᠦᠰ ᠤᠨ ᠶᠠᠪᠤᠬᠤ ᠵᠠᠮ ︵ᠨᠢᠰᠬᠡᠯ᠂ ᠭᠠᠯᠲᠤ ᠲᠡᠷᠭᠡ᠂ ᠮᠠᠰᠢᠨ ᠲᠡᠷᠭᠡᠨ ᠤ ᠡᠳᠦᠷ ᠬᠤᠭᠤᠴᠠᠭ᠎ᠠ ᠶᠢᠨ ᠡᠭᠡᠯᠵᠢ ᠶᠢᠨ ᠤᠳᠠᠭ᠎ᠠ ᠵᠡᠷᠭᠡ ᠪᠠᠭᠲᠠᠨ᠎ᠠ︶ ᠢᠶᠠᠨ ᠪᠠᠶᠢᠭ᠎ᠠ ᠲᠣᠰᠬᠤᠨ ︵ᠨᠡᠶᠢᠭᠡᠮ ᠲᠣᠭᠤᠷᠢᠭ︶ ᠳᠠᠭᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠬᠦᠷᠦᠭᠰᠡᠨ ᠤ ᠳᠠᠷᠠᠭ᠎ᠠ ᠲᠡᠷᠡ ᠳᠠᠷᠤᠶ ᠳᠤᠨᠢ ᠲᠣᠰᠬᠤᠨ ︵ᠨᠡᠶᠢᠭᠡᠮ ᠲᠣᠭᠤᠷᠢᠭ︶ ᠳᠤ ᠮᠡᠳᠡᠭᠦᠯᠵᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃ ᠵᠠᠮ ᠮᠥᠷ ᠢᠶᠠᠨ ᠨᠢᠭᠤᠭᠰᠠᠨ ᠵᠡᠷᠭᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃     ᠭᠤᠷᠪᠠ᠂ ᠮᠤᠵᠢ ᠶᠢᠨ ᠬᠤᠭᠤᠷᠣᠨᠳᠣᠬᠢ ᠠᠭᠤᠯᠵᠠᠷ ᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ     ᠮᠤᠵᠢ ᠶᠢᠨ ᠬᠤᠭᠤᠷᠣᠨᠳᠣᠬᠢ ᠠᠭᠤᠯᠵᠠᠷ ᠤᠨ ᠴᠡᠭ ᠪᠣᠯ ᠮᠠᠨ ᠤ ᠬᠤᠲᠠ ᠶᠢᠨ ᠨᠢᠭᠡᠳᠦᠭᠡᠷ ᠪᠣᠭᠤᠮᠲᠠ ᠪᠣᠯᠤᠨ᠎ᠠ ᠂ ᠴᠢᠩᠭ᠎ᠠ ᠪᠠᠶᠢᠴᠠᠭᠠᠬᠤ ᠬᠡᠷᠡᠭᠲᠡᠶ᠂ ᠴᠢᠴᠢᠬᠠᠷ ᠬᠤᠲᠠ ᠶᠢᠨ ᠵᠡᠷᠭᠡᠯᠡᠳᠡᠭᠡ ᠳᠥᠷᠪᠡᠨ ᠰᠢᠶᠠᠩ ᠪᠠᠯᠭᠠᠰᠤᠨ ᠤ ᠪᠠᠶᠢᠭᠠᠯᠢ ᠶᠢᠨ ᠵᠠᠮ ᠤᠨ ᠬᠠᠷᠠᠭᠤᠯ ᠤᠨ ᠴᠡᠭ ᠢᠶᠠᠷ ᠳᠡᠮᠵᠢᠨ ᠮᠠᠨ ᠤ ᠬᠤᠲᠠ ᠳᠤ ᠣᠷᠣᠵᠤ ᠢᠷᠡᠭᠰᠡᠨ ᠬᠥᠮᠦᠰ ᠴᠥᠮ ᠪᠡᠶ᠎ᠡ ᠶᠢᠨ ᠬᠠᠯᠠᠭᠤᠨ ᠢ ᠬᠡᠮᠵᠢᠬᠦ᠂ ᠺᠣᠳ᠋ ᠰᠢᠷᠪᠢᠬᠦ᠂ ᠳᠡᠩᠰᠡᠯᠡᠨ ᠲᠡᠮᠳᠡᠭᠯᠡᠬᠦ ᠵᠡᠷᠭᠡ ᠬᠢᠵᠢᠭ ᠢ ᠰᠡᠷᠭᠡᠶᠢᠯᠡᠬᠦ ᠠᠵᠢᠯ ᠢ ᠤᠬᠠᠮᠰᠠᠷ ᠠᠴᠠ ᠪᠠᠨ ᠬᠠᠮᠵᠢᠯᠴᠠᠨ ᠭᠥᠯᠢᠶᠡᠨ ᠠᠪᠬᠤ ᠬᠡᠷᠡᠭᠲᠡᠶ᠃ ᠬᠡᠷᠪᠡ ᠲᠣᠭᠤᠷᠢᠵᠤ ᠭᠠᠷᠬᠤ ᠪᠤᠶᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠬᠠᠮᠵᠢᠯᠴᠠᠬᠤ ᠥᠬᠡᠶ ᠦᠶ᠋ᠯᠡ ᠠᠵᠢᠯᠯᠠᠭ᠎ᠠ ᠲᠠᠢ ᠪᠣᠯ ᠬᠠᠤᠯᠢ ᠶᠣᠰᠣᠭᠠᠷ ᠰᠢᠢᠳᠪᠦᠷᠢᠯᠡᠨ᠎ᠡ᠃     ᠳᠥᠷᠪᠡ᠂ ᠪᠥᠬᠦ ᠬᠤᠲᠠ ᠶᠢᠨ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠨ᠎ᠠ    ᠬᠤᠳᠠᠯᠳᠤᠭᠠᠨ ᠤ ᠬᠡᠲᠦ ᠳᠡᠯᠭᠡᠭᠦᠷ᠂ ᠢᠳᠡᠭᠡᠨ ᠤᠮᠳᠠᠭᠠᠨ ᠤ ᠵᠣᠴᠢᠳ ᠤᠨ ᠪᠠᠭᠤᠳᠠᠯ᠂ ᠲᠠᠷᠢᠶᠠᠯᠠᠩ ᠠᠷᠠᠯᠵᠢᠶ᠎ᠠ ︵ᠴᠤᠭᠯᠠᠭ᠎ᠠ ᠮᠠᠶᠢᠮᠠᠶ︶ ᠶᠢᠨ ᠵᠠᠬ᠎ᠠ ᠳᠡᠯᠭᠡᠭᠦᠷ᠂ ᠰᠣᠶᠣᠯ ᠵᠤᠭ᠎ᠠ ᠴᠡᠩᠭᠡᠯ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠵᠢᠴᠢ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ᠂ ᠮᠠᠰᠢᠨ ᠲᠡᠷᠭᠡᠨ ᠤ ᠥᠷᠲᠡᠭᠡ ᠵᠡᠷᠭᠡ ᠣᠯᠠᠨ ᠨᠡᠶᠢᠲᠡ ᠶᠢᠨ ᠲᠠᠯᠠᠪᠤᠷ ᠭᠠᠵᠠᠷ ᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠭᠱᠠᠨ ᠵᠠᠭᠤᠷ᠎ᠠ ᠶᠢᠨ ᠬᠥᠮᠦᠰ ᠤᠨ ᠣᠷᠣᠵᠤ ᠭᠠᠷᠬᠤ ᠲᠤᠭ᠎ᠠ ᠬᠡᠮᠵᠢᠶ᠎ᠡ ᠶᠢ ᠡᠵᠡᠮᠳᠡᠬᠦ ᠪᠠᠨ ᠴᠢᠩᠭᠠᠳᠬᠠᠨ᠂ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠰᠠᠯᠬᠢ ᠨᠡᠪᠲᠡᠷᠡᠭᠦᠯᠬᠦ᠂ ᠠᠷᠢᠭᠤᠳᠬᠠᠬᠤ᠂ ᠲᠠᠯᠠᠪᠤᠷ ᠲᠤ ᠣᠷᠣᠬᠤ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠠᠮᠠᠪᠴᠢ ᠵᠡᠭᠦᠬᠦ᠂ ︽ᠡᠷᠡᠭᠦᠯ ᠮᠡᠨᠳᠦ ᠶᠢᠨ ᠺᠣᠳ᠋︾ ᠢ ᠪᠠᠶᠢᠴᠠᠭᠠᠨ ᠰᠢᠯᠭᠠᠬᠤ  ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃     ᠲᠠᠪᠤ᠂ ᠵᠢᠩᠬᠢᠨᠢ ᠲᠣᠮᠣ ᠢᠳᠡᠭᠡᠨ ᠤ ᠰᠢᠢᠳᠪᠦᠷᠢᠯᠷᠯᠲᠡ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ     ᠮᠠᠨ ᠤ ᠬᠤᠲᠠ ᠶᠢᠨ 2021 ᠣᠨ ᠤ 1 ᠰᠠᠷ᠎ᠠ ᠶᠢᠨ 1 ᠤ ᠡᠳᠦᠷ ᠠᠴᠠ ᠨᠠᠭᠠᠰᠢ ᠬᠠᠷᠠᠮᠥ᠋ᠷᠡᠨ ᠤ ᠵᠧᠩ ᠳ᠋ᠡ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠦᠢᠯᠡᠳᠭᠦᠨ ᠢ ᠬᠤᠳᠠᠯᠳᠤᠨ ᠠᠪᠤᠭᠰᠠᠨ ᠡᠵᠡᠩᠨᠡᠭᠴᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠵᠤ᠂  ᠦᠢᠯᠡᠳᠭᠦᠨ ᠢ ᠬᠤᠳᠠᠯᠳᠤᠬᠤ ᠪᠠᠨ ᠵᠣᠭᠰᠣᠬᠤ᠂ ᠲᠤᠰᠠᠭᠠᠷ ᠬᠠᠳᠠᠭᠠᠯᠠᠬᠤ᠂ ᠣᠷᠴᠢᠨ ᠲᠣᠭᠤᠷᠢᠨ ᠢ ᠠᠷᠢᠭᠤᠳᠬᠠᠬᠤ ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠵᠡᠷᠭᠡ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠠᠪᠬᠤ ᠬᠡᠷᠡᠭᠲᠡᠶ᠃ ᠪᠦᠬᠦ ᠬᠤᠲᠠ ᠶᠢᠨ ᠥᠷᠭᠡᠨ ᠣᠯᠠᠨ ᠰᠠᠭᠤᠭᠠᠯᠢ ᠠᠷᠠᠳ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠳᠦᠷᠢᠮ ᠶᠣᠰᠣᠨ ᠳᠤ ᠨᠡᠶᠢᠴᠡᠨ ᠡᠷᠬᠢᠯᠡᠭᠰᠡᠨ  ᠬᠡᠲᠦ ᠳᠡᠯᠭᠡᠭᠦᠷ ᠪᠠ ᠵᠠᠬ᠎ᠠ ᠳᠡᠯᠭᠡᠭᠦᠷ ᠠᠴᠠ ᠬᠡᠷᠡᠭᠰᠡᠬᠦ ᠢᠳᠡᠭᠡᠨ ᠢ ᠬᠤᠳᠠᠯᠳᠤᠨ ᠠᠪᠬᠤ ᠬᠡᠷᠡᠭᠲᠡᠶ᠃     ᠵᠷᠭᠤᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠢ ᠴᠢᠩᠭᠠᠳᠬᠠᠬᠤ ᠬᠡᠷᠡᠭᠲᠡᠶ     ᠴᠢᠬᠤᠯᠠ ᠦᠭᠡᠢ ᠪᠣᠯ ᠨᠤᠲᠤᠭ ᠲᠠᠭᠠᠨ ᠪᠤᠴᠠᠬᠤ ᠥᠬᠡᠶ᠂ ᠭᠠᠳᠠᠭᠰᠢ ᠭᠠᠷᠬᠤ ᠥᠬᠡᠶ᠂ ᠴᠤᠭᠯᠠᠷᠠᠬᠤ ᠥᠬᠡᠶ ᠪᠠᠶᠢᠬᠤ ᠶᠢ ᠰᠠᠨᠠᠭᠠᠴᠢᠯᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠬᠢᠨ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂ ᠡᠯ᠎ᠡ ᠬᠤᠳᠠᠯᠳᠤᠭᠠᠨ ᠤ ᠪᠠᠶᠢᠭᠤᠯᠤᠮᠵᠢ ᠨᠢ ᠰᠦᠯᠵᠢᠶᠡᠨ ᠭᠠᠳᠠᠨᠠᠬᠢ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠶ ᠳᠡᠯᠭᠡᠨ ᠪᠣᠷᠣᠯᠠᠭᠤᠯᠬᠤ᠂ ᠪᠣᠷᠣᠯᠠᠭᠤᠯᠭ᠎ᠠ ᠶᠢ ᠠᠬᠢᠭᠤᠯᠬᠤ ᠵᠡᠷᠭᠡ ᠠᠵᠢᠯᠯᠠᠭ᠎ᠠ ᠶᠢ ᠡᠷᠭᠢᠯᠡᠬᠦ ᠥᠬᠡᠶ᠃ ᠵᠠᠩ ᠳᠠᠳᠬᠠᠯ ᠢ ᠥᠭᠡᠷᠡᠴᠢᠯᠡᠬᠦ ᠶᠢ ᠰᠠᠨᠠᠭᠠᠴᠢᠯᠠᠵᠤ᠂ ᠤᠯᠠᠭᠠᠨ ᠤᠴᠢᠷ ᠢ ᠬᠤᠶᠢᠰᠢᠯᠠᠭᠤᠯᠤᠨ ᠭᠦᠢᠴᠡᠳᠭᠡᠬᠦ᠂ ᠴᠠᠭᠠᠨ ᠶᠠᠪᠤᠳᠠᠯ ᠢ ᠳᠥᠭᠦᠮᠴᠢᠯᠡᠬᠦ᠂ ᠳᠠᠶᠢᠯᠠᠯᠭ᠎ᠠ ᠶᠢ ᠥᠯᠥ  ᠭᠦᠢᠴᠡᠳᠭᠡᠬᠦ᠂ ᠬᠡᠷ ᠪᠦᠯᠢ ᠶᠢᠨ ᠬᠤᠪᠢ ᠬᠥᠮᠦᠨ ᠤ ᠴᠤᠭᠯᠠᠭᠠᠨ᠂ ᠬᠠᠮᠲᠤ ᠶᠢᠨ ᠬᠤᠭᠤᠯᠠ ᠵᠡᠷᠭᠡ ᠶᠢ 10 ᠬᠥᠮᠦᠨ ᠠᠴᠠ ᠳᠣᠷᠣᠭᠰᠢ ᠴᠢᠩᠭ᠎ᠠ ᠬᠢᠵᠠᠭᠠᠷᠯᠠᠵᠤ᠂ ᠬᠠᠯᠠᠭᠤᠷᠠᠬᠤ᠂ ᠬᠠᠨᠢᠶᠠᠬᠤ᠂ ᠲᠠᠮᠢᠷᠳᠠᠬᠤ ᠵᠡᠷᠭᠡ ᠡᠪ ᠥᠬᠡᠶ ᠪᠠᠶᠢᠳᠠᠯ ᠲᠠᠢ ᠬᠥᠮᠦᠰ ᠣᠷᠣᠯᠴᠠᠵᠤ ᠪᠣᠯᠬᠤ ᠥᠬᠡᠶ᠃ ᠡᠯ᠎ᠡ ᠲᠣᠰᠬᠤᠨ ︵ᠨᠡᠶᠢᠭᠡᠮ ᠲᠣᠭᠤᠷᠢᠭ︶ ᠤᠲᠠᠰᠤᠲᠤ ᠷᠠᠳᠢᠣ᠋ ᠨᠡᠪᠲᠡᠷᠡᠭᠦᠯᠭᠡ᠂ ᠨᠡᠭᠦᠳᠡᠯ ᠤᠬᠠᠭᠤᠯᠭ᠎ᠠ ᠶᠢᠨ ᠲᠡᠷᠭᠡ᠂ ᠢᠨᠲ᠋ᠧᠷ ᠰᠦᠯᠵᠢᠶ᠎ᠡ᠂ ᠭᠠᠷ ᠤᠲᠠᠰᠤ᠂ ᠲᠧᠯᠸᠢᠰ᠂ ᠵᠠᠷᠯᠠᠯ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠥᠷᠭᠡᠨ ᠳᠡᠯᠭᠡᠷ ᠭᠦᠨ ᠭᠦᠨᠵᠡᠭᠡᠶ ᠤᠬᠠᠭᠤᠯᠭ᠎ᠠ ᠶᠢ ᠥᠷᠨᠢᠭᠦᠯᠬᠦ ᠬᠡᠷᠡᠭᠲᠡᠶ᠃     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠂ ᠥᠷᠭᠡᠨ ᠤᠯᠠᠨ ᠬᠤᠳᠠ ᠶᠢᠨ ᠠᠷᠠᠳ ᠤᠬᠠᠮᠰᠠᠷ ᠠᠴᠠ ᠪᠠᠨ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠠᠮᠤᠷ ᠠᠮᠤᠭᠤᠯᠠᠩ ᠪᠠᠶᠠᠷ ᠬᠦᠷ ᠲᠠᠢ  ᠪᠠᠷ ᠰᠢᠨᠡᠯᠡᠵᠡᠭᠡᠶ᠎ᠡ︕    ᠬᠢᠨᠠᠯᠲᠠ ᠲᠠᠯᠪᠢᠵᠤ ᠠᠰᠠᠭᠤᠨ ᠯᠠᠪᠯᠠᠬᠤ ᠤᠲᠠᠰᠤ᠄   1.  ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ 3219017   2.  ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ 3202179   3. ᠾᠧ  ᠰᠢ ᠵᠡᠭᠡᠯᠢ ᠭᠤᠲᠣᠮᠵᠢ 3250023 15849072345   4. ᠰᠢᠩ ᠬᠤᠸᠠ ᠵᠡᠭᠡᠯᠢ ᠭᠤᠲᠣᠮᠵᠢ 3218717 18404702555   5. ᠲᠢᠶᠧ ᠳ᠋ᠦᠩ ᠵᠡᠭᠡᠯᠢ ᠭᠤᠲᠣᠮᠵᠢ 13947062336   6. ᠵᠧᠩ ᠶᠠᠩ ᠵᠡᠭᠡᠯᠢ ᠭᠤᠲᠣᠮᠵᠢ 13354701933 13848906958   7. ᠹᠠᠨ ᠷᠥᠩ ᠵᠡᠭᠡᠯᠢ ᠭᠤᠲᠣᠮᠵᠢ 3241272 13848801939   8. ᠰᠢᠶᠠᠩ ᠶᠠᠩ ᠵᠡᠭᠡᠯᠢ ᠭᠤᠲᠣᠮᠵᠢ 3302754 18604815719   9. ᠭᠤᠣ ᠲᠠᠢ ᠽᠢ ᠵᠡᠭᠡᠯᠢ ᠭᠤᠲᠣᠮᠵᠢ 3353944 15148465769   10. ᠬᠤᠣ ᠷᠣᠣ ᠱᠠᠨ ᠪᠠᠯᠭᠠᠰᠣ 3858106 18347057755   11. ᠮᠦᠭᠦᠴᠢ ᠪᠠᠯᠭᠠᠰᠣ 3637314 13848607379   12. ᠸᠧ ᠨᠢᠦ ᠾᠧ ᠪᠠᠯᠭᠠᠰᠣ 3758244 13624700310   13. ᠴᠢᠩᠭᠢᠰ  ᠬᠠᠭᠠᠨ ᠪᠠᠯᠭᠠᠰᠣ 3616204 15560686636   14. ᠳ᠋ᠠ ᠾᠧ ᠸᠠᠨ ᠪᠠᠯᠭᠠᠰᠣ 3718136 18747003588   15. ᠴᠠᠢ ᠾᠧ ᠪᠠᠯᠭᠠᠰᠣ 3869010 18647089880   16. ᠵᠦᠩ ᠾᠧ ᠪᠠᠯᠭᠠᠰᠤ 3676604 15847746037   17.ᠬᠠ ᠳ᠋ᠦ᠋ ᠾᠧ ᠪᠠᠯᠭᠠᠰᠣ 3698106 15391191757   18. ᠸᠠ ᠳ᠋ᠢ ᠰᠢᠶᠠᠩ 15149244866   19. ᠳᠠᠭᠤᠷ ᠦᠨᠳᠦᠰᠦᠲᠡᠨ ᠤ ᠰᠢᠶᠠᠩ 3791118 13847022012   20. ᠨᠠᠨᠮᠦ ᠣᠷᠴᠣᠨ ᠦᠨᠳᠦᠰᠦᠲᠡᠨ ᠤ ᠰᠢᠶᠠᠩ 3778401 13947062996   21. ᠰᠠ ᠮᠠ ᠵᠢᠶᠧ ᠡᠸᠡᠩᠬᠢ ᠦᠨᠳᠦᠰᠦᠲᠡᠨ ᠤ ᠰᠢᠶᠠᠩ 3656234 15042853667                      ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                2021 ᠣᠨ ᠤ 1 ᠰᠠᠷ᠎ᠠ  ᠶᠢᠨ 26  ᠤ ᠡᠳᠦᠷ
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号