ᠸᠧ ᠨᠢᠣ ᠾᠧ᠄  ᠬᠠᠷᠢᠯᠴᠠᠨ ᠬᠤᠣᠰᠯᠠᠵᠣ ᠬᠠᠪᠰᠤᠷᠤᠨ ᠳᠠᠭᠠᠭᠤᠯᠣᠨ ᠣᠯᠠᠮᠵᠢᠯᠠᠵᠣ᠂ ᠬᠠᠷᠢᠯᠴᠠᠨ ᠰᠤᠷᠤᠯᠴᠠᠵᠤ ᠴᠢᠳᠠᠪᠤᠷᠢ ᠪᠠᠨ ᠴᠢᠩᠭᠠᠳᠬᠠᠶ᠎ᠠ
ᠨᠡᠶᠢᠲᠡᠯᠡᠭᠰᠡᠨ ᠴᠠᠭ᠄
2021/1/29
     ᠸᠧ ᠨᠢᠦ ᠾᠧ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠶᠡᠬᠡᠪᠡᠷ ᠴᠢᠩᠭᠠᠳᠬᠠᠵᠤ᠂ ᠠᠭᠤᠰᠤᠯᠴᠠᠨ ᠬᠥᠭᠵᠢᠬᠦ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠡᠩᠨᠡᠭᠡ ᠶᠢᠨ ︽ᠬᠤᠤᠰ ᠬᠦᠷᠳᠦ ᠪᠠᠷ ᠬᠥᠳᠡᠯᠭᠡᠭᠦᠷ ᠪᠣᠯᠭᠠᠬᠤ︾ ᠶᠢ ᠠᠬᠢᠭᠤᠯᠪᠠ᠃ ︽ᠬᠠᠷᠢᠯᠴᠠᠨ ᠬᠤᠣᠰᠯᠠᠨ ᠬᠠᠪᠰᠤᠷᠤᠨ ᠳᠠᠭᠠᠭᠤᠯᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ ᠪᠠᠷ ᠺᠠᠳ᠋ᠷ ᠢᠯᠡᠷᠡᠭᠦᠯᠬᠦ᠂ ᠬᠥᠮᠦᠵᠢᠭᠦᠯᠬᠦ ᠂ ᠳᠠᠪᠲᠠᠨ ᠪᠣᠯᠪᠠᠰᠤᠷᠠᠭᠤᠯᠬᠤ ᠴᠢᠬᠤᠯᠠ ᠲᠠᠪᠴᠠᠩ ᠪᠣᠯᠭᠠᠬᠤ ᠶᠢᠨ ᠬᠠᠮᠲᠤ ᠵᠠᠯᠠᠭᠤ ᠺᠠᠳ᠋ᠷ ᠢ ᠨᠠᠷᠢᠯᠢᠭ ᠣᠨᠣᠴᠠᠲᠠᠢ ᠬᠥᠮᠦᠵᠢᠭᠦᠯᠬᠦ᠂ ᠢᠳᠡᠭ ᠢᠳᠡᠭ ᠢᠶᠠᠷ ᠳᠠᠪᠲᠠᠨ ᠪᠣᠯᠪᠠᠰᠤᠷᠠᠭᠤᠯᠬᠤ ᠪᠠᠷ ᠳᠠᠮᠵᠢᠭᠤᠯᠤᠨ᠂ ᠬᠠᠤᠯᠢ ᠬᠡᠷᠡᠭᠵᠢᠭᠦᠯᠦᠯᠲᠡ ᠶᠢ ᠵᠠᠯᠠᠭᠤ ᠺᠠᠳ᠋ᠷᠴᠤᠳ ᠤᠨ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ︽ᠲᠤᠮᠤ ᠬᠠᠶᠢᠯᠤᠭᠤᠯᠬᠤ ᠵᠤᠤᠬ᠎ᠠ︾᠂  ᠲᠣᠷᠰᠢᠯᠭ᠎ᠠ ᠪᠠᠨ ᠨᠡᠮᠡᠭᠳᠡᠭᠦᠯᠬᠦ ︽ᠲᠤᠮᠤ ᠲᠠᠪᠴᠠᠩ︾ ᠪᠣᠯᠭᠠᠵᠤ᠂ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠳᠤ ᠰᠢᠨ᠎ᠡ ᠰᠣᠷᠭᠤᠭ ᠠᠮᠢᠵᠢᠷᠠᠯ ᠤᠨ ᠬᠦᠴᠦᠨ ᠨᠡᠮᠡᠷᠢᠯᠡᠪᠡ᠃     ᠸᠧ ᠨᠢᠦ ᠾᠧ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ︽ᠬᠠᠷᠢᠯᠴᠠᠨ ᠬᠤᠣᠰᠯᠠᠨ ᠬᠠᠪᠰᠤᠷᠤᠨ ᠳᠠᠭᠠᠭᠤᠯᠬᠤ︾ ᠠᠵᠢᠯᠯᠠᠭ᠎ᠠ ᠨᠢ ᠤᠤᠯ ᠤᠨ ︽ᠬᠥᠮᠦᠨ ᠪᠦᠷᠢ ᠡᠭᠦᠳᠡᠨ ᠡᠮᠦᠨᠡᠬᠢ ᠴᠠᠰᠤ ᠪᠠᠨ ᠱᠦᠭᠦᠷᠳᠡᠬᠦ︾ ᠪᠠᠶᠢᠳᠠᠯ ᠢ ᠡᠪᠳᠡᠵᠦ᠂ ᠡᠯ᠎ᠡ ᠠᠵᠢᠯ ᠤᠨ ᠪᠠᠶᠢᠷᠢ ᠶᠢᠨ ᠵᠠᠯᠠᠭᠤ ᠺᠠᠳ᠋ᠷ ᠤᠨ ᠰᠣᠯᠢᠯᠴᠠᠭᠠᠨ ᠤ ᠨᠠᠷᠢᠨ ᠲᠦᠷᠢᠮ ᠢ ᠲᠣᠳᠣᠷᠬᠠᠶ ᠲᠣᠭᠲᠠᠭᠠᠵᠤ᠂ ᠪᠣᠳᠠᠲᠤ ᠪᠠᠶᠢᠯᠳᠤᠭᠠᠨ ᠤ ᠰᠣᠷᠢᠯᠲᠠ ᠶᠢ ᠴᠢᠩᠭᠠᠳᠬᠠᠵᠤ᠂ ᠪᠠᠭᠤᠷᠠᠶ ᠬᠦᠴᠦᠨ ᠢ ︽ᠴᠢᠰᠤ ᠶᠡᠭᠦᠯᠡᠵᠦ︾ ᠪᠠᠶᠢᠭᠰᠠᠨ ᠠᠴᠠ ︽ᠴᠢᠰᠤ ᠪᠦᠲᠦᠭᠡᠬᠦ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠪᠡ᠃ ᠪᠥᠬᠦ ᠲᠠᠯ᠎ᠠ ᠶᠢᠨ ᠵᠠᠯᠠᠭᠤ ᠺᠠᠳ᠋ᠷᠴᠤᠳ  ᠤᠨ ᠮᠡᠳᠡᠭᠡ ᠵᠠᠩᠭᠢ ᠶᠢᠨ ᠤᠬᠠᠭᠤᠯᠭ᠎ᠠ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠵᠡᠷᠭᠡ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠳᠤ ᠣᠴᠢᠵᠤ ᠰᠣᠯᠢᠯᠴᠠᠨ ᠰᠤᠷᠤᠯᠴᠠᠬᠤ ᠶᠢ ᠵᠡᠷᠭᠡᠪᠡᠷ ᠵᠣᠷᠢᠭᠵᠢᠭᠤᠯᠵᠤ᠂ ᠲᠠᠩ  ᠴᠢᠭᠯᠡᠯ  ᠤᠨ ᠰᠢᠯᠵᠢᠯᠲᠡ ᠶᠢ ᠬᠤᠤᠰ ᠴᠢᠭᠯᠡᠯ ᠢᠶᠠᠷ ᠰᠢᠯᠵᠢᠭᠦᠯᠬᠦ ᠪᠣᠯᠭᠠᠨ᠂ ᠠᠳᠠᠯᠢ ᠪᠤᠰᠤ ᠠᠵᠢᠯ ᠤᠨ ᠪᠠᠶᠢᠷᠢ ᠶᠢᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠬᠠᠷᠢᠯᠴᠠᠨ ᠮᠡᠳᠡᠷᠡᠬᠦ ᠪᠠ ᠵᠣᠯᠭᠠᠭᠤᠯᠬᠤ ᠶᠢ ᠪᠡᠶᠡᠯᠡᠭᠦᠯᠵᠦ᠂ ᠨᠠᠰᠤᠨ ᠲᠤᠷᠰᠢᠳᠠ ᠰᠤᠷᠤᠯᠴᠠᠬᠤ ᠶᠢᠨ ︽ᠵᠦᠷᠢᠯᠢᠭ ᠬᠥᠭᠦᠷᠭᠡ︾ ᠶᠢ ᠪᠠᠶᠢᠭᠤᠯᠵᠤ᠂ ᠬᠠᠤᠯᠢ ᠬᠡᠷᠡᠭᠵᠢᠭᠦᠯᠬᠦ  ᠦᠢᠯᠡᠴᠢᠯᠡᠭᠡᠨ ᠤ ᠪᠦᠷᠢᠨ ᠴᠢᠳᠠᠪᠤᠷᠢᠲᠤ ᠲᠠᠮᠢᠷᠴᠢᠨ ᠢ  ᠪᠣᠢ ᠪᠣᠯᠭᠠᠬᠤ ᠪᠠᠷ ᠴᠢᠷᠮᠠᠶᠢᠵᠣ ᠪᠣᠢ  ᠃     ︽ᠨᠢᠭᠡ ᠬᠥᠮᠦᠨ ᠤᠯᠠᠶᠢᠪᠠᠯ ᠨᠢᠭᠡ ᠯᠡ ᠴᠡᠭ ᠪᠣᠯᠣᠨ ᠣᠯᠠᠶᠢᠵᠣ᠂ ᠤᠯᠠᠨ ᠢᠶᠠᠷ ᠢᠶᠠᠨ ᠤᠯᠠᠶᠢᠪᠠᠯ  ᠪᠦᠬᠦᠨ  ᠢᠶᠠᠷ  ᠢᠶᠠᠨ ᠤᠯᠠᠭᠠᠨ ᠪᠣᠯᠤᠨ᠎ᠠ︾  ᠭᠡᠳᠡᠭᠴᠢᠯᠡᠨ᠂  ᠤᠯᠠᠮᠵᠢᠯᠠᠬᠤ  ᠬᠠᠪᠰᠣᠷᠴᠣ ᠳᠠᠭᠠᠭᠤᠯᠬᠤ ᠪᠠᠷ ᠳᠠᠮᠵᠢᠭᠤᠯᠤᠨ ᠂ ᠰᠢᠨ᠎ᠡ ᠨᠥᠬᠦᠳ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠢ ᠨᠢ ᠥᠷᠭᠡᠳᠬᠡᠵᠦ᠂ ᠠᠬᠠᠮᠠᠳ ᠨᠥᠬᠦᠳ ᠤᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠴᠤ ᠪᠣᠳᠠᠲᠠᠢ ᠠᠵᠢᠯ ᠤᠨ ᠳᠤᠮᠳᠠ ᠰᠠᠶᠢᠵᠢᠷᠠᠭᠤᠯᠵᠤ᠂ ᠦᠵᠡᠯᠲᠡ ᠶᠢ ᠨᠢ ᠰᠢᠨᠡᠳᠬᠡᠨ᠎ᠡ᠃ ᠲᠠᠷᠠᠭᠠᠴᠢ ᠶᠢᠨ ᠠᠯᠬᠤᠮ ᠳᠤ᠂  ᠸᠧ ᠨᠢᠦ ᠾᠧ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠠᠯᠠᠨ ᠠᠶᠢᠯ ᠬᠤᠲᠠ ᠶᠢᠨ  ᠦᠢᠯᠡᠴᠢᠯᠡᠭᠡᠨ ᠤ ᠬᠡᠯᠪᠡᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠵᠢᠷᠤᠮᠵᠢᠭᠤᠯᠵᠤ᠂  ᠦᠢᠯᠡᠴᠢᠯᠡᠭᠡᠨ ᠤ ᠬᠡᠯᠪᠡᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂  ᠦᠢᠯᠡᠴᠢᠯᠡᠭᠡᠨ ᠤ ᠬᠡᠯᠪᠡᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ  ᠪᠠᠷ ᠴᠢᠷᠮᠠᠶᠢᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号