ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ 2021 ᠣᠨ ᠤ ᠠᠩᠬᠠᠳᠤᠭᠠᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/29
    1  ᠰᠠᠷ᠎ᠠ  ᠶᠢᠨ   26      ᠤ ᠡᠳᠦᠷ᠂ ᠵᠠᠯᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ  ᠶᠣᠸᠠᠢ ᠭᠦᠸᠧ ᠳ᠋ᠦᠩ ᠬᠤᠲᠠ ᠶᠢᠨ ᠵᠠᠰᠠᠭ ᠤᠨ ᠣᠷᠳᠣᠨ ᠤ 2021 ᠣᠨ ᠤ ᠠᠩᠬᠠᠳᠤᠭᠠᠷ ᠣᠳᠠᠭᠠᠨ ᠤ  ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ  ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠬᠥᠯᠥᠨ ᠪᠤᠶᠢᠷ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2021 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠰᠤᠳᠤᠯᠪᠠ᠃ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠬᠤᠷᠠᠯ ᠳᠤ ᠣᠷᠣᠯᠴᠠᠵᠤ᠂ ᠲᠤᠭ᠎ᠠ ᠪᠦᠷᠢᠳᠬᠡᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃    ᠬᠤᠷᠠᠯ ᠠᠴᠠ ᠵᠢᠭᠠᠵᠣ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ  ᠤᠨ 12  ᠰᠠᠷ᠎ᠠ    ᠶᠢᠨ  11    ᠤ ᠡᠳᠦᠷ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠵᠢᠴᠢ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠪᠢᠳᠡᠨ ᠤ 2021 ᠣᠨ ᠴᠢᠨᠠᠭᠰᠢᠯᠠᠪᠠᠯ ᠨᠡᠩ ᠤᠷᠳᠤ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠬᠦ᠂ ᠢᠯᠠᠩᠭᠤᠶ᠎ᠠ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ  ᠭᠡᠵᠡᠢ᠃ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠬᠥᠯᠥᠨ ᠪᠤᠶᠢᠷ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠨᠢ ᠨᠠᠮ ᠪᠣᠯᠤᠨ ᠤᠯᠤᠰ ᠤᠨ ᠠᠵᠢᠯ  ᠦᠢᠯᠡᠰ ᠤᠨ ᠬᠥᠭᠵᠢᠯᠲᠡ ᠶᠢᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ ᠤᠨ ᠠᠵᠤ ᠠᠬᠤᠶ ᠶᠢᠨ ᠠᠵᠢᠯ ᠤᠨ ᠶᠡᠷᠦᠩᠬᠡᠶ ᠱᠠᠭᠠᠷᠳᠠᠯᠭ᠎ᠠ᠂ ᠬᠠᠷᠠᠯᠲᠠ ᠡᠭᠦᠷᠭᠡ ᠪᠣᠯᠤᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠪᠥᠬᠦ ᠬᠤᠲᠠ ᠶᠢᠨ ᠰᠢᠨ᠎ᠡ ᠬᠥᠭᠵᠢᠯᠲᠡ ᠶᠢᠨ ᠱᠠᠲᠤᠨ ᠳᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ᠃    ᠬᠤᠷᠠᠯ ᠠᠴᠠ᠂ 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ ᠪᠣᠯᠤᠨ᠎ᠠ᠂ ᠡᠨᠡ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ᠃ ᠡᠯ᠎ᠡ ᠹᠷᠣᠨᠲ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠬᠥᠯᠥᠨ ᠪᠤᠶᠢᠷ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ ᠨᠠᠷᠢᠨ ᠬᠢᠨᠠᠮᠠᠭᠠᠶ ᠵᠠᠳᠠᠯᠵᠤ᠂ ᠭᠠᠵᠠᠷ ᠣᠷᠣᠨ ᠤ ᠪᠣᠳᠠᠲᠤ ᠪᠠᠶᠢᠳᠠᠯ ᠪᠣᠯᠤᠨ ᠴᠢᠨᠠᠷ ᠰᠠᠶᠢᠲᠠᠶ ᠬᠥᠭᠵᠢᠯᠲᠡ ᠶᠢᠨ ᠴᠢᠭᠯᠡᠯ ᠲᠠᠢ ᠤᠶᠠᠯᠳᠤᠭᠤᠯᠤᠨ᠂ 2021 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠪᠥᠬᠦ ᠵᠢᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠲᠠᠢ ᠪᠣᠯᠬᠤ ᠶᠢ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ    ᠬᠤᠷᠠᠯ ᠠᠴᠠ ᠪᠠᠰᠠ ᠵᠢᠭᠠᠭᠰᠠᠨ ᠨᠢ᠂ ᠴᠠᠭᠠᠨ ᠰᠠᠷ᠎ᠠ ᠣᠶᠢᠷᠠᠳᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠂ ᠡᠯ᠎ᠡ ᠹᠷᠣᠨᠲ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠰᠠᠶᠢᠲᠤᠷ ᠠᠳᠬᠤᠬᠤ ᠶᠢᠨ ᠵᠡᠷᠭᠡ ᠪᠠᠷ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠨᠢᠭᠲᠠ ᠬᠢᠨᠠᠨ ᠬᠡᠮᠵᠢᠵᠦ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ᠂ ᠶᠠᠰᠤ ᠴᠢᠨᠠᠷ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠡᠢ᠃ ᠵᠥᠷᠢᠴᠡᠯ ᠵᠠᠭᠤᠷᠠᠯᠳᠤᠭᠠᠨ ᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠲᠣᠬᠢᠲᠠᠢ ᠰᠢᠢᠳᠪᠦᠷᠢᠯᠡᠵᠦ᠂ ᠬᠠᠮᠲᠤᠯᠢᠭ ᠤᠨ ᠴᠢᠨᠠᠷᠲᠠᠢ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ ᠠᠶᠤᠯᠭᠦᠢ ᠦᠢᠯᠡᠳᠪᠦᠷᠢᠯᠡᠯ ᠤᠨ ᠭᠤᠷᠪᠠᠨ ᠵᠢᠯ ᠤᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ᠂ ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢᠨ ᠪᠠᠲᠤᠯᠠᠭ᠎ᠠ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦ ᠬᠤᠳᠠ ᠶᠢᠨ ᠠᠷᠠᠳ ᠤᠯᠠᠨ ᠢ ᠠᠮᠤᠷ ᠲᠦᠪᠰᠢᠨ ᠢᠶᠠᠷ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃  
 
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号