ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠠᠶᠠᠷ ᠤᠨ ᠡᠳᠦᠷ ᠤᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ ᠠᠮᠤ ᠪᠤᠳᠠᠭᠠᠨ ᠤ ᠠᠮᠤᠷ ᠲᠦᠪᠰᠢᠨ ᠲᠣᠭᠲᠠᠭᠤᠨ ᠠᠵᠢᠯᠯᠠᠭᠠᠨ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2021/1/4
    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠵᠦ᠂ ᠠᠮᠤ ᠪᠤᠳᠠᠭᠠᠨ ᠤ ᠦᠨ᠎ᠡ ᠬᠠᠩᠰᠢ ᠶᠢ ᠪᠠᠲᠤᠯᠠᠵᠤ ᠬᠠᠩᠭᠠᠯᠭ᠎ᠠ ᠶᠢ ᠲᠣᠭᠲᠠᠪᠤᠷᠢᠵᠢᠭᠤᠯᠬᠤ ᠠᠮᠤᠷ ᠲᠦᠪᠰᠢᠨ ᠠᠵᠢᠯᠯᠠᠭᠠᠨ ᠤ ᠠᠵᠢᠯ ᠢ ᠦᠨᠡᠨ ᠬᠦ ᠪᠠᠲᠤᠯᠠᠬᠤ ᠶᠢᠨ ᠲᠥᠯᠥᠭᠡ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 12 ᠰᠠᠷ᠎ᠠ ᠶᠢᠨ 16 ᠤ ᠡᠳᠦᠷ ᠠᠴᠠ 31 ᠤ ᠡᠳᠦᠷ ᠪᠣᠯᠲᠠᠯ᠎ᠠ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠵᠢᠯ ᠤᠨ ᠰᠡᠭᠦᠯᠴᠢ ᠵᠢᠯ ᠤᠨ ᠡᠬᠢᠨ ᠤ ᠠᠶᠤᠯ ᠥᠬᠡᠶ ᠦᠢᠯᠡᠳᠪᠦᠷᠢᠯᠡᠯ᠂ ᠠᠮᠤᠷ ᠲᠦᠪᠰᠢᠨ ᠨᠥᠭᠡᠴᠡ ᠠᠮᠤ ᠪᠤᠳᠠᠭᠠᠨ ᠤ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠴᠠᠭᠠᠬᠤ ᠳᠤᠭᠤᠶᠢᠯᠠᠩ ᠢ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠶᠠᠯᠭᠤ ᠪᠠᠷ ᠵᠣᠬᠢᠶᠠᠨ ᠪᠢᠴᠢᠬᠦ ᠡᠷᠬᠢᠯᠡᠭᠴᠢ᠂ ᠮᠠ ᠴᠧᠨ ᠭᠤᠤᠠᠩ ᠳᠡᠳ᠋ ᠡᠷᠬᠢᠯᠡᠭᠴᠢ ᠵᠢᠴᠢ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠶᠡᠷᠦᠩᠬᠡᠶᠢᠯᠡᠭᠰᠡᠨ ᠠᠯᠪᠠᠨ ᠬᠡᠷ ᠤᠨ ᠠᠵᠢᠯᠲᠠᠨ ᠢᠶᠠᠷ ᠪᠦᠷᠢᠯᠳᠦᠭᠦᠯᠪᠡ᠃     ᠪᠠᠶᠢᠴᠠᠭᠠᠬᠤ ᠳᠤᠭᠤᠶᠢᠯᠠᠩ ᠤᠨ ᠬᠢᠨ ᠠᠮᠤ ᠪᠤᠳᠠᠭ᠎ᠠ ᠡᠵᠡᠩᠨᠡᠵᠦ ᠪᠠᠶᠢᠭ᠎ᠠ ᠲᠥᠪ ᠤᠨ ᠠᠵᠤ ᠠᠬᠤᠶᠢᠯᠠᠯ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠮᠤ ᠪᠤᠳᠠᠭ᠎ᠠ ᠬᠤᠳᠠᠯᠳᠤᠨ ᠠᠪᠬᠤ᠂ ᠠᠶᠤᠯᠭᠦᠶ ᠦᠢᠯᠡᠳᠪᠦᠷᠢᠯᠡᠯ᠂ ᠠᠮᠤᠷ ᠲᠦᠪᠰᠢᠨ ᠢᠶᠠᠷ ᠠᠮᠤ ᠪᠤᠳᠠᠭ᠎ᠠ ᠨᠥᠭᠡᠴᠡᠯᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠵᠢᠴᠢ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠵᠢᠵᠢᠭᠦᠷ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃     ᠡᠯ᠎ᠡ ᠠᠮᠤ ᠪᠤᠳᠠᠭᠠᠨ ᠤ ᠠᠵᠤ ᠠᠬᠤᠶᠢᠯᠠᠯ ᠤᠨ ᠬᠢᠨ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠢᠬᠤᠯᠠ ᠶᠡᠭᠡ ᠪᠠᠶᠠᠷ ᠤᠨ ᠡᠳᠦᠷ ᠪᠣᠯᠤᠨ ᠴᠢᠬᠤᠯᠠ ᠴᠠᠭ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠪᠣᠯᠤᠨ ᠠᠮᠤ ᠲᠤᠰᠤᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠶᠢ ᠨᠢᠭᠡ ᠵᠦᠢᠯ ᠤᠨ ᠤᠯᠤᠰ ᠲᠦᠷᠦ ᠶᠢᠨ ᠡᠭᠦᠷᠭᠡ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠨᠠᠷᠢᠯᠢᠬᠵᠢᠭᠤᠯᠤᠨ ᠴᠢᠩᠭᠠᠳᠬᠠᠵᠤ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠬᠤᠶᠠᠷ ᠲᠤ ᠣᠳᠣᠬᠠᠨ ᠤ ᠬᠢᠵᠢᠭ ᠤᠨ ᠪᠠᠶᠢᠳᠠᠯ ᠳᠠᠬᠢᠨ ᠬᠡᠴᠡᠭᠦᠳᠡᠵᠦ ᠪᠠᠶᠢᠭ᠎ᠠ ᠦᠶ᠎ᠡ ᠶᠢᠨ ᠡᠯ᠎ᠡ ᠵᠦᠢᠯ ᠤᠨ ᠰᠡᠷᠭᠡᠶᠢᠯᠡᠬᠦ ᠪᠠ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠬᠤ ᠬᠡᠷᠡᠭᠲᠡᠶ᠃ ᠭᠠᠳᠠᠭᠰᠢ ᠭᠠᠷᠴᠤ ᠠᠮᠠᠷᠠᠯᠲᠠ ᠠᠪᠤᠭᠰᠠᠨ ᠬᠥᠮᠦᠰ ᠬᠢᠵᠢᠭ ᠤᠨ ᠪᠠᠶᠢᠳᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠭᠠᠳᠠᠨ᠎ᠠ ᠣᠷᠣᠨ ᠠᠴᠠ ᠬᠥᠮᠥᠷᠭᠡ ᠣᠷᠣᠵᠤ ᠢᠷᠡᠭᠰᠡᠨ ᠬᠥᠮᠦᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠶᠠᠯᠠᠯ ᠤᠨ ᠺᠣᠳ᠋ ᠢᠶᠠᠨ ᠰᠢᠷᠪᠢᠬᠦ ᠶᠢᠨ ᠬᠠᠮᠲᠤ ᠳᠡᠩᠰᠡᠯᠡᠨ ᠲᠡᠮᠳᠡᠭᠯᠡᠵᠦ᠂ ᠬᠥᠮᠦᠰ᠂ ᠲᠡᠷᠭᠡ ᠬᠥᠰᠬᠡ ᠶᠢ ᠠᠷᠢᠭᠤᠳᠬᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ 24 ᠴᠠᠭ ᠢᠶᠠᠷ ᠲᠤᠰᠬᠠᠢ ᠬᠥᠮᠦᠨ ᠵᠢᠵᠢᠭᠦᠷᠯᠡᠬᠦ ᠪᠠ ᠤᠳᠤᠷᠢᠳᠬᠤ ᠺᠠᠳ᠋ᠷ ᠠᠵᠢᠯ ᠤᠨ ᠪᠠᠶᠢᠷᠢ ᠳᠠᠭᠠᠨ ᠡᠭᠡᠯᠵᠢ ᠳᠠᠭᠠᠭᠤᠯᠬᠤ᠂ ᠭᠠᠳᠠᠭᠰᠢ ᠭᠠᠷᠴᠤ ᠮᠡᠳᠡᠭᠦᠯᠦᠨ ᠳᠠᠩᠰᠠᠯᠠᠭᠤᠯᠬᠤ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠪᠠᠴᠢᠮ ᠪᠠᠶᠢᠳᠠᠯ ᠲᠣᠬᠢᠶᠠᠯᠳᠤᠪᠠᠯ᠂ ᠴᠠᠭ ᠲᠤᠬᠠᠶ ᠳᠤᠨᠢ ᠮᠡᠳᠡᠭᠦᠯᠬᠦ ᠶᠢᠨ ᠬᠠᠮᠲᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ ᠠᠮᠤ ᠪᠤᠳᠠᠭ᠎ᠠ ᠶᠢᠨ ᠨᠥᠭᠡᠴᠡ ᠨᠢ ᠠᠮᠤᠷ ᠲᠦᠪᠰᠢᠨ᠂ ᠶᠠᠰᠤ ᠴᠢᠨᠠᠷ ᠨᠢ ᠰᠠᠶᠢᠨ᠂ ᠠᠮᠤ ᠪᠤᠳᠠᠭ᠎ᠠ ᠶᠢᠨ  ᠬᠦᠢᠯᠬᠡᠬᠡ ᠨᠢ ᠵᠢᠷᠤᠮᠵᠢᠭᠤᠨ ᠪᠥᠭᠡᠳ ᠡᠮᠬᠢ ᠵᠢᠷᠤᠮ ᠲᠠᠢ᠂ ᠵᠠᠬ᠎ᠠ ᠳᠡᠯᠭᠡᠭᠦᠷᠴᠢᠯᠡᠭᠰᠡᠨ ᠠᠮᠤ ᠪᠤᠳᠠᠭ᠎ᠠ ᠬᠤᠳᠠᠯᠳᠤᠨ ᠠᠪᠬᠤ ᠦᠨ᠎ᠡ ᠬᠠᠩᠰᠢ ᠨᠢ ᠲᠣᠭᠲᠠᠭᠤᠨ᠂  ᠦᠢᠯᠡᠳᠪᠦᠷᠢᠯᠡᠯ ᠨᠢ ᠠᠮᠤᠷ ᠲᠦᠪᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠥᠭᠡᠳ ᠡᠵᠡᠮᠳᠡᠵᠦ ᠪᠣᠯᠬᠤ ᠪᠠᠶᠢᠳᠠᠯ ᠢ ᠦᠨᠡᠨ ᠬᠦ ᠪᠠᠲᠤᠯᠠᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号