ᠵᠠᠯᠠᠨ ᠠᠶᠢᠯ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠠᠩᠬᠠᠳᠤᠭᠠᠷ ᠪᠥᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/4
    ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠤᠯᠠᠮ ᠴᠢᠨᠠᠭᠰᠢᠳᠠ ᠴᠢᠩᠭᠠᠳᠬᠠᠵᠤ᠂ ᠪᠥᠬᠦ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠶᠡᠭᠡ ᠪᠠᠷ ᠠᠬᠢᠭᠤᠯᠬᠤ ᠶᠢᠨ ᠲᠥᠯᠥᠭᠡ᠂ ᠲᠦᠷᠦᠭᠦᠬᠡᠨ ᠵᠠᠯᠠᠨ ᠠᠶᠢᠯ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ᠬᠤᠷᠠᠯᠳᠤᠭᠤᠯᠪᠠ᠃ ᠵᠠᠯᠠᠨ ᠠᠶᠢᠯ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠡᠷᠬᠢᠯᠡᠭᠴᠢ ᠶᠣᠸᠢ ᠭᠦᠸᠧ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠢᠦᠶ ᠵᠠᠩ᠂ ᠰᠦᠨ ᠰᠢᠤ ᠹᠸᠢ᠂ ᠳ᠋ᠦ᠋ ᠮᠢᠩ ᠶᠠᠨ᠂ ᠰᠢᠤᠢ ᠺᠦᠨ ᠵᠢᠴᠢ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
        ᠬᠤᠷᠠᠯ ᠠᠴᠠ᠂ ᠪᠥᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠭᠦᠨᠵᠡᠭᠡᠶ ᠣᠶᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠲᠥᠪ ᠤᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠳᠡᠭᠡᠳᠦ ᠱᠠᠲᠤᠨ ᠤ ᠠᠵᠢᠯ ᠤᠨ ᠱᠠᠭᠠᠷᠳᠠᠯᠭ᠎ᠠ ᠲᠠᠢ ᠡᠷᠡᠰ ᠨᠢᠭᠡᠳᠬᠡᠵᠦ᠂ ︽ᠶᠡᠭᠡ ᠠᠮᠢ ᠠᠬᠤᠶ︾᠂ ︽ᠶᠡᠭᠡ ᠣᠷᠴᠢᠨ ᠲᠣᠭᠤᠷᠢᠨ ᠤ ᠬᠠᠮᠠᠭᠠᠯᠠᠯᠲᠠ︾ ᠶᠢᠨ ᠤᠬᠠᠮᠰᠠᠷ ᠢ ᠪᠣᠶ ᠪᠣᠯᠭᠠᠨ ᠴᠢᠩᠭᠠᠳᠬᠠᠵᠤ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠷ ᠵᠠᠯᠠᠨ ᠠᠶᠢᠯ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠵᠦ᠂ ᠠᠯᠬᠤᠮ ᠢᠶᠠᠨ ᠰᠠᠶᠢᠲᠤᠷ ᠠᠯᠬᠤᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ ᠰᠠᠶᠢᠨ ᠰᠠᠶᠢᠬᠠᠨ ᠠᠮᠢ ᠠᠬᠤᠶ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃
         ᠬᠤᠷᠠᠯ ᠠᠴᠠ᠂ ᠡᠯ᠎ᠡ ᠱᠠᠲᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠮᠢ ᠠᠬᠤᠶ ᠣᠷᠴᠢᠨ ᠲᠣᠭᠤᠷᠢᠨ ᠳᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠠᠯᠪᠠᠨ ᠬᠡᠷ ᠤᠨ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ ᠪᠠ ᠶᠡᠷᠦᠩᠬᠡᠶᠢᠯᠡᠨ ᠵᠣᠬᠢᠴᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠴᠢᠨᠠᠭᠰᠢᠳᠠ ᠨᠠᠷᠢᠯᠢᠬᠵᠢᠭᠤᠯᠤᠨ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠨᠠᠷᠢᠨ ᠲᠠᠩᠰᠠ ᠪᠠᠶᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠴᠢᠩᠭᠠᠳᠬᠠᠨ ᠪᠣᠳᠠᠲᠠᠶᠢᠵᠢᠭᠤᠯᠬᠤ ᠬᠡᠷᠡᠭᠲᠡᠶ᠃     ᠬᠤᠷᠠᠯ ᠠᠴᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠪᠣᠯ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ ᠂ ᠪᠦᠬᠦ ᠬᠤᠳᠠ ᠶᠢᠨ ᠠᠷᠠᠳ ᠲᠦᠮᠡᠨ ᠤ ᠪᠤᠶᠠᠨ ᠵᠢᠷᠭᠠᠯ ᠲᠠᠢ ᠬᠤᠯᠪᠣᠭᠳᠠᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠶᠠᠷ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠵᠢᠴᠢ ᠵᠠᠬᠢᠳᠠᠯ ᠰᠤᠷᠪᠤᠯᠵᠢᠯᠠᠯ ᠤᠨ ᠬᠡᠷᠡᠭ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠠᠵᠢᠯ ᠤᠨ ᠦᠷ᠎ᠡ ᠪᠦᠲᠦᠮᠵᠢ ᠪᠠᠨ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠬᠡᠬᠦ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠪᠠᠷ ᠪᠣᠭᠤᠮᠲᠠ ᠰᠢᠪᠲᠤᠯᠬᠤ ᠶᠢ ᠠᠬᠢᠭᠤᠯᠵᠤ᠂ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠶ᠃     ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠨ ᠳᠠᠷᠤᠮᠠᠯᠯᠠᠨ ᠲᠠᠷᠬᠠᠭᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠ ᠲᠤᠰᠢᠶᠠᠨ ᠰᠢᠢᠳᠪᠦᠷᠢᠯᠡᠬᠦᠯᠦᠭᠰᠡᠨ ᠬᠡᠷᠡᠭ ᠢ ᠰᠢᠢᠳᠪᠦᠯᠡᠭᠰᠡᠨ ᠪᠠᠶᠢᠳᠠᠯ ᠵᠢᠴᠢ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ︽ᠵᠠᠯᠠᠨ ᠠᠶᠢᠯ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠠᠵᠢᠯ ᠤᠨ ᠲᠦᠷᠢᠮ︾ ᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号