ᠰᠢᠩ ᠬᠤᠸᠠ ᠵᠡᠭᠡᠯᠢ ᠭᠤᠳᠤᠮᠵᠢ ᠠᠵᠢᠯᠲᠠᠨ ᠠᠵᠢᠯᠴᠢᠨ ᠤ ᠥᠲᠥᠨ ᠪᠥᠮᠪᠦᠭᠡ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2021/1/4
    ᠠᠵᠢᠯᠲᠠᠨ ᠠᠵᠢᠯᠴᠢᠨ ᠤ ᠠᠵᠢᠯ ᠤᠨ ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠵᠤ᠂ ᠠᠵᠢᠯᠲᠠᠨ ᠠᠵᠢᠯᠴᠢᠨ ᠤ ᠡᠷᠡᠭᠦᠯ ᠰᠠᠷᠠᠭᠤᠯ ᠠᠮᠢᠳᠤᠷᠠᠯ ᠤᠨ ᠣᠶᠢᠯᠠᠭᠠᠭᠳᠠᠬᠤᠨ ᠢ ᠰᠠᠨᠠᠭᠠᠴᠢᠯᠠᠨ᠂ ᠠᠵᠢᠯᠲᠠᠨ ᠠᠵᠢᠯᠴᠢᠨ ᠤ ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠪᠠ ᠬᠠᠮᠵᠢᠯᠴᠠᠬᠤ ᠵᠣᠷᠢᠭ ᠰᠠᠨᠠᠭ᠎ᠠ ᠶᠢ ᠴᠢᠩᠭᠠᠳᠬᠠᠬᠤ ᠶᠢᠨ ᠲᠥᠯᠥᠭᠡ᠂ ᠲᠦᠷᠦᠭᠦᠬᠡᠨ ᠰᠢᠩ ᠬᠤᠸᠠ ᠵᠡᠭᠡᠯᠢ ᠭᠤᠳᠤᠮᠵᠢ ᠶᠢᠨ ᠠᠵᠢᠯᠴᠢᠨ ᠤ ᠡᠪᠯᠡᠯ ᠾᠦᠢ ᠯᠢ ᠮᠢᠩ ᠵᠦ ᠥᠲᠥᠨ ᠪᠥᠮᠪᠦᠭᠡ ᠶᠢᠨ ᠣᠷᠳᠣᠨ ᠳᠤ ︽ᠷᠢᠳᠢ ᠰᠢᠳᠢ ᠲᠠᠢ ᠰᠢᠩ ᠬᠤᠸᠠ ᠥᠲᠥᠨ ᠪᠥᠮᠪᠦᠭᠡ ᠶᠢᠨ ᠬᠠᠮᠲᠤ ᠶᠢᠨ ᠠᠶᠠᠯᠠᠯ︾ ᠥᠲᠥᠨ ᠪᠥᠮᠪᠦᠭᠡ ᠶᠢᠨ ᠤᠷᠤᠯᠳᠤᠭᠠᠨ ᠶᠠᠪᠤᠭᠤᠯᠪᠠ᠃     ᠤᠷᠤᠯᠳᠤᠭᠠᠨ ᠤ ᠳᠤᠮᠳᠠ᠂ ᠲᠠᠮᠢᠷᠴᠢᠨ ᠨᠢᠭᠡᠪᠦᠷᠢ ᠠᠮᠢ ᠴᠦᠯᠡᠨ ᠤᠷᠤᠭᠰᠢᠯᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠨ ᠬᠥᠭᠵᠢᠭᠡᠵᠦ᠂ ᠠᠷᠭ᠎ᠠ ᠬᠡᠮᠵᠢᠶ᠎ᠡ ᠨᠢᠭᠡᠪᠦᠷᠢ ᠨᠢ‌ᠭᠤᠶᠢᠳᠠ ᠰᠠᠶᠢᠬᠠᠨ ᠪᠠᠶᠢᠵᠤ᠂ ᠪᠦᠬᠦ᠋ᠢᠯᠡ ᠤᠷᠤᠯᠳᠤᠭᠠᠨ ᠤ ᠥᠷᠨᠢᠯᠲᠡ ᠳᠤ ᠬᠦᠷᠴᠦ᠂ ᠪᠥᠮᠪᠦᠭᠡ ᠢᠯᠠᠭᠰᠠᠨ ᠪᠦᠷᠢᠯᠳᠦᠬᠦᠨ ᠨᠠᠩ ᠴᠤ ᠲᠠᠯᠠᠪᠠᠢ ᠳᠠᠬᠢ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠪᠠ ᠪᠠᠶᠢᠨ ᠳᠠᠬᠢᠨ ᠮᠠᠭᠲᠠᠨ ᠰᠠᠶᠢᠰᠢᠶᠠᠵᠤ ᠪᠠᠶᠢᠯ᠎ᠠ᠃ ᠨᠢᠭᠡ ᠦᠳᠡ ᠶᠢᠨ ᠡᠮᠦᠨ᠎ᠡ ᠡᠷᠡᠭᠲᠡᠶ ᠡᠮᠡᠭᠲᠡᠶ ᠶᠢᠨ ᠬᠤᠣᠰᠯᠠᠨ ᠴᠣᠬᠢᠬᠤ ᠤᠷᠤᠯᠳᠤᠭᠤᠨ ᠳᠤ ᠮᠠᠩᠯᠠᠶᠢᠯᠠᠵᠤ᠂ ᠳᠡᠳ᠋ᠯᠡᠭᠰᠡᠨ ᠪᠠ ᠭᠤᠲᠠᠭᠠᠷ ᠲᠤ ᠣᠷᠣᠭᠰᠠᠨ ᠪᠠᠶᠢᠨ᠎ᠠ᠃     ᠲᠣᠰ ᠤᠳᠠᠭᠠᠨ ᠤ ᠠᠵᠢᠯᠯᠠᠭ᠎ᠠ ᠨᠢ ᠠᠵᠢᠯᠲᠠᠨ ᠠᠵᠢᠯᠴᠢᠨ ᠤ ᠠᠵᠢᠯ ᠠᠮᠢᠳᠤᠷᠠᠯ ᠤᠨ ᠳᠠᠷᠤᠯᠲᠠ ᠶᠢ ᠨᠠᠮᠳᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠣᠯᠠᠨ ᠲᠦᠮᠡᠨ ᠳᠤ ᠵᠤᠭ᠎ᠠ ᠴᠡᠩᠭᠡᠯ ᠤᠨ ᠬᠠᠷᠢᠯᠴᠠᠨ ᠦᠢᠯᠡᠳᠦᠯᠴᠡᠬᠦ ᠂ ᠬᠠᠷᠢᠯᠴᠠᠨ ᠨᠡᠪᠲᠡᠷᠡᠯᠴᠡᠬᠦ ᠲᠠᠪᠴᠠᠩ ᠬᠠᠩᠭᠠᠵᠤ᠂ ᠵᠡᠭᠡᠯᠢ ᠭᠤᠳᠤᠮᠵᠢ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠭᠦᠨᠵᠡᠭᠡᠶ ᠥᠷᠨᠢᠭᠦᠯᠬᠦ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ ᠥᠭᠴᠡᠶ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号