ᠮᠥᠬᠦᠴᠢ ᠪᠠᠯᠭᠠᠰᠤᠨ ᠤ ᠣᠯᠠᠨ ᠡᠰᠢᠲᠦ ᠤᠬᠠᠭᠤᠯᠭ᠎ᠠ ᠨᠢ ︽ᠴᠡᠷᠢᠭ ᠢ ᠬᠦᠴᠦᠷᠬᠡᠭᠵᠢᠭᠦᠯᠬᠦ ᠳᠠᠶᠢᠴᠢᠨ ᠳᠠᠭᠤᠤ︾ ᠶᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2021/1/4
    2021 ᠣᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠠᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠵᠠᠯᠠᠭᠤᠴᠤᠳ ᠲᠤ ᠴᠡᠷᠢᠭ ᠡᠯᠰᠡᠬᠦ ᠲᠦᠷᠦ ᠶᠢᠨ ᠪᠤᠳᠤᠯᠭ᠎ᠠ᠂ ᠲᠡᠰ ᠳᠠᠷᠠᠭᠠᠯᠠᠯ ᠪᠣᠯᠤᠨ ᠱᠠᠭᠠᠷᠳᠠᠯᠭ᠎ᠠ ᠶᠢ ᠴᠠᠭ ᠲᠤᠬᠠᠢ ᠳᠤᠨᠢ ᠤᠢᠢᠯᠠᠭᠠᠭᠤᠯᠵᠤ᠂ ᠥᠷᠭᠡᠨ ᠤᠯᠠᠨ ᠰᠢᠯᠢᠳᠡᠭ ᠵᠠᠯᠠᠭᠤᠴᠤᠳ ᠤᠨ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠲᠠᠭᠠᠵᠤ᠂ ᠢᠳᠡᠪᠬᠢᠲᠡᠢ ᠪᠠᠷ ᠨᠡᠷ᠎ᠡ ᠮᠡᠳᠡᠭᠦᠯᠵᠦ ᠴᠡᠷᠢᠭ ᠲᠤ ᠣᠷᠣᠬᠤ ᠶᠢ ᠵᠣᠷᠢᠭᠵᠢᠭᠤᠯᠬᠤ ᠶᠢᠨ ᠲᠥᠯᠥᠭᠡ ᠮᠥᠬᠦᠴᠢ ᠪᠠᠯᠭᠠᠰᠤ ᠪᠠᠯᠭᠠᠰᠤ ᠲᠣᠰᠬᠤᠨ ᠬᠤᠶᠠᠷ ᠱᠠᠲᠤᠨ ᠤ ᠬᠢᠨ ᠵᠡᠷᠭᠡᠪᠡᠷ ᠬᠦᠴᠦᠯᠡᠵᠦ᠂ 2021 ᠣᠨ ᠤ ᠴᠡᠷᠢᠭ ᠡᠯᠰᠡᠬᠦ ᠤᠬᠠᠭᠤᠯᠭ᠎ᠠ ᠲᠠᠶᠢᠴᠢᠯᠠᠯᠳᠠ ᠶᠢᠨ ᠠᠵᠢᠯ ᠢ ᠪᠦᠬᠦ ᠲᠠᠯ᠎ᠠ ᠪᠠᠷ᠂ ᠤᠯᠠᠨ ᠡᠰᠢᠴᠢᠯᠡᠨ ᠰᠠᠶᠢᠲᠤᠷ ᠬᠢᠬᠦ ᠬᠡᠷᠡᠭᠲᠡᠢ᠃     ᠨᠢᠭᠡ ᠳᠤ᠂ ᠬᠤᠷᠠᠯ ᠬᠤᠷᠠᠯᠳᠤᠭᠤᠯᠵᠤ᠂ ᠠᠵᠢᠯ ᠤᠨ ᠪᠠᠶᠢᠷᠢᠯᠠᠭᠤᠯᠤᠯᠲᠠ ᠪᠠᠨ ᠴᠢᠩᠭᠠᠳᠬᠠᠪᠠ᠃ ᠮᠥᠬᠦᠴᠢ ᠪᠠᠯᠭᠠᠰᠤ 2021 ᠣᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠠᠵᠢᠯ ᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠬᠤᠷᠠᠯ ᠠᠴᠠ 2021 ᠣᠨ ᠤ ᠴᠡᠷᠢᠭ ᠡᠯᠰᠡᠬᠦ ᠠᠵᠢᠯ ᠤᠨ ᠭᠤᠣᠯᠳᠠᠯᠭ᠎ᠠ ᠶᠢ ᠨᠠᠷᠢᠨ ᠨᠢᠮᠪᠠᠶ ᠪᠠᠶᠢᠷᠢᠯᠠᠭᠤᠯᠬᠤ ᠶᠢᠨ ᠬᠠᠮᠲᠤ ᠴᠡᠷᠢᠭ ᠡᠯᠰᠡᠬᠦ ᠲᠥᠷᠥ ᠶᠢᠨ ᠪᠣᠳᠣᠯᠭ᠎ᠠ ᠶᠢᠨ ᠲᠤᠬᠠᠶ ᠲᠠᠶᠢᠯᠤᠮᠵᠢ ᠬᠢᠪᠠ᠃ ᠲᠣᠰ ᠤᠳᠠᠭᠠᠨ ᠤ ᠭᠤᠣᠯᠳᠠᠯᠭ᠎ᠠ ᠲᠠᠢ ᠡᠯᠰᠡᠬᠦ ᠡᠲᠡᠭᠡᠳ ᠪᠣᠯ ᠨᠠᠰᠤᠨ ᠤ ᠱᠠᠭᠠᠷᠳᠠᠯᠭ᠎ᠠ ᠳᠤ ᠨᠡᠶᠢᠴᠡᠬᠦ ᠳᠡᠭᠡᠳᠦ ᠰᠤᠷᠭᠠᠭᠤᠯᠢ ᠶᠢᠨ ᠰᠣᠷᠣᠭᠴᠢ ᠪᠠ ᠥᠩᠭᠡᠷᠡᠭᠰᠡᠨ ᠵᠢᠯ ᠤᠨ ᠲᠡᠭᠦᠰᠦᠭᠰᠡᠨ ᠰᠣᠷᠣᠭᠴᠢ ᠪᠣᠯᠤᠨ᠎ᠠ ᠭᠡᠵᠦ ᠴᠢᠬᠤᠯᠠᠴᠢᠯᠠᠪᠠ᠃     ᠬᠤᠶᠠᠷ ᠲᠤ᠂ ᠪᠥᠬᠦ ᠲᠠᠯ᠎ᠠ ᠪᠠᠷ ᠤᠶᠢᠯᠠᠭᠠᠨ ᠵᠢᠭᠰᠠᠭᠠᠵᠤ᠂ ᠲᠦᠢᠯ ᠤᠨ ᠣᠨᠣᠪᠴᠢᠲᠠᠶ ᠪᠠᠷ ᠤᠬᠠᠭᠤᠯᠤᠨ᠎ᠠ᠃ ᠪᠦᠬᠦ ᠪᠠᠯᠭᠠᠰᠤᠨ ᠤ ᠬᠠᠷᠢᠶ᠎ᠠ ᠣᠷᠣᠨ ᠤ 22 ᠲᠣᠰᠬᠤᠨ ᠤ ᠰᠠᠭᠤᠭᠠᠯᠢ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠪᠣᠯᠤᠨ ᠵᠣᠬᠢᠬᠤ ᠨᠠᠰᠤᠨ ᠤ ᠵᠠᠯᠠᠭᠤᠴᠤᠳ ᠲᠤ ᠪᠦᠬᠦ ᠲᠠᠯ᠎ᠠ ᠶᠢᠨ ᠨᠠᠷᠢᠯᠢᠭ ᠪᠠᠶᠢᠴᠠᠭᠠᠯᠲᠠ ᠬᠢᠨ᠎ᠠ᠃ ᠡᠭᠦᠨ ᠤ ᠬᠠᠮᠲᠤ᠂ ᠲᠣᠰᠬᠤᠨ ᠤ ᠬᠤᠶᠠᠷ ᠵᠥᠪᠯᠡᠯ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠤᠨ ᠬᠡᠷ ᠪᠦᠯᠢ ᠶᠢᠨ ᠤᠬᠠᠭᠤᠯᠭ᠎ᠠ ᠶᠢᠨ ᠳᠤᠭᠤᠶᠢᠯᠠᠩ ᠢ ᠢᠳᠡᠪᠬᠢᠲᠡᠶ ᠳᠠᠶᠢᠴᠢᠯᠠᠵᠤ᠂ ᠡᠷᠦᠬᠡ ᠳᠤ ᠭᠦᠨᠵᠡᠭᠡᠶᠢᠷᠡᠨ ᠰᠤᠷᠪᠤᠯᠵᠢᠯᠠᠵᠤ᠂ ᠵᠠᠯᠠᠭᠤᠴᠤᠳ ᠤᠨ ᠬᠤᠪᠢ ᠬᠥᠮᠦᠨ ᠤ ᠬᠦᠰᠡᠯ ᠰᠠᠨᠠᠭ᠎ᠠ ᠶᠢ ᠣᠶᠢᠯᠠᠭᠠᠵᠤ᠂ ᠶᠡᠭᠡ ᠰᠤᠷᠭᠠᠭᠤᠯᠢ ᠶᠢᠨ ᠤᠶᠤᠲᠠᠳ ᠤᠨ ᠴᠡᠷᠢᠭ ᠲᠤ ᠣᠷᠣᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠠᠨᠳᠤᠯᠭᠠᠲᠤ ᠴᠢᠨᠠᠷᠲᠠᠶ ᠪᠠᠷ ᠲᠠᠶᠢᠯᠤᠮᠵᠢ ᠬᠢᠬᠦ ᠬᠡᠷᠡᠭᠲᠡᠶ ᠭᠡᠵᠦ ᠱᠠᠭᠠᠷᠳᠠᠪᠠ᠃     ᠭᠤᠷᠪᠠ ᠳᠤ᠂ ᠣᠯᠠᠨ ᠡᠰᠢᠲᠦ ᠤᠬᠠᠭᠤᠯᠭ᠎ᠠ ᠬᠢᠵᠦ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠵᠠᠷᠯᠠᠯ ᠨᠠᠭᠠᠬᠤ᠂ ᠡᠯᠭᠦᠭᠡ ᠪᠢᠴᠢᠭᠡᠰᠦ ᠡᠯᠭᠦᠬᠦ᠂ ᠲᠣᠮᠣ ᠯᠠᠪᠠᠷ ᠢᠶᠠᠷ ᠨᠡᠪᠲᠡᠷᠡᠭᠦᠯᠬᠦ᠂ ᠸᠢᠴᠠᠲ᠂ ᠪᠢᠴᠢᠯ ᠪᠦᠷᠭᠡ ᠵᠡᠷᠭᠡ ᠢᠨᠲ᠋ᠧᠷ ᠰᠦᠯᠵᠢᠶᠡᠨ ᠤ ᠲᠠᠪᠴᠠᠩ ᠢᠶᠠᠷ ᠨᠡᠶᠢᠲᠡᠯᠡᠬᠦ ᠬᠡᠯᠪᠡᠷᠢ ᠪᠠᠷ ᠳᠠᠮᠵᠢᠭᠤᠯᠤᠨ ᠤᠬᠠᠭᠤᠯᠤᠨ᠎ᠠ᠃ ᠴᠠᠭᠠᠨ ᠰᠠᠷ᠎ᠠ ᠶᠢᠨ ᠤᠷᠢᠳ ᠬᠤᠵᠢᠳ ᠢᠶᠠᠷ ᠭᠠᠳᠠᠨ᠎ᠠ ᠪᠠᠶᠢᠭ᠎ᠠ ᠤᠶᠤᠲᠠᠳ ᠤᠨ ᠨᠤᠲᠤᠭ ᠲᠠᠭᠠᠨ ᠪᠤᠴᠠᠬᠤ ᠴᠠᠭ ᠲᠣᠬᠢᠶᠠᠯ ᠢ ᠬᠦᠢᠴᠡᠳ ᠠᠰᠢᠭᠯᠠᠨ᠂ ᠤᠷᠢᠳᠴᠢᠯᠠᠨ ᠴᠡᠷᠢᠭ ᠡᠯᠰᠡᠬᠦ ᠠᠵᠢᠯ ᠢ ᠠᠬᠢᠭᠤᠯᠬᠤ ᠶᠢᠨ ᠬᠠᠮᠲᠤ ᠲᠣᠰᠬᠤᠨ ᠪᠠ ᠣᠷᠣᠨ ᠰᠠᠭᠤᠴᠠ ᠶᠢᠨ ᠪᠤᠰᠤᠳ ᠠᠵᠢᠯ ᠤᠨ ᠲᠣᠬᠢᠶᠠᠯ ᠢ ᠠᠰᠢᠭᠯᠠᠨ ᠤᠬᠠᠭᠤᠯᠭ᠎ᠠ ᠬᠢᠬᠦ ᠬᠡᠷᠡᠭᠲᠡᠶ᠃ ᠰᠢᠨ᠎ᠡ ᠰᠡᠪᠡᠭᠦᠨ ᠤᠬᠠᠭᠤᠯᠭ᠎ᠠ ᠶᠢᠨ ᠤᠷᠢᠶ᠎ᠠ ᠯᠣᠽᠦ᠋ᠩ᠂ ᠨᠢᠭᠲᠠᠷᠬᠠᠰᠠᠨ ᠤᠬᠠᠭᠤᠯᠭ᠎ᠠ ᠶᠢᠨ ᠺᠢᠨᠣ᠋ ᠲᠧᠯᠸᠢᠰ ᠢᠶᠠᠷ ᠴᠡᠷᠢᠭ ᠲᠤ ᠣᠷᠣᠬᠤ ᠢᠷᠠᠭᠤ ᠠᠯᠳᠠᠷᠲᠤ ᠠᠭᠤᠷ ᠠᠮᠢᠰᠬᠤᠯ ᠢ ᠪᠣᠶ ᠪᠣᠯᠭᠠᠨ᠎ᠠ᠃     ᠮᠥᠭᠦᠴᠢ ᠪᠠᠯᠭᠠᠰᠤ ᠰᠢᠯᠢᠳᠡᠭ ᠵᠠᠯᠠᠭᠤᠴᠤᠳ ᠢ ᠬᠤᠪᠢ ᠬᠥᠮᠦᠨ ᠤ ᠬᠦᠰᠡᠯ ᠵᠡᠭᠦᠳᠦ ᠪᠠᠨ ᠴᠡᠷᠢᠭ ᠢ ᠬᠦᠴᠦᠷᠬᠡᠭᠵᠢᠭᠦᠯᠬᠦ ᠦᠢᠯᠡᠰ ᠲᠤ ᠠᠭᠤᠰᠤᠯᠴᠠᠭᠤᠯᠵᠦ᠂ ᠥᠷᠨᠢᠭᠦᠨ ᠬᠥᠭᠵᠢᠩᠭᠦᠢ ᠵᠠᠯᠠᠭᠤ ᠨᠠᠰᠤ ᠪᠠᠨ ᠤᠯᠤᠰ ᠭᠡᠷ ᠤᠨ ᠬᠠᠶᠢᠷ᠎ᠠ ᠰᠡᠳᠬᠢᠯᠭᠡ ᠲᠠᠢ ᠵᠡᠷᠭᠡᠪᠡᠷ ᠤᠷᠤᠭᠰᠢᠯᠠᠭᠤᠯᠵᠤ᠂ ᠰᠡᠳᠬᠢᠯ ᠵᠢᠷᠦᠬᠡᠨ ᠳᠠᠬᠢ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠬᠥᠮᠦᠨ ᠤ ᠠᠮᠢᠳᠤᠷᠠᠯ ᠢ ᠪᠠᠶᠠᠰᠬᠠᠵᠤ᠂ ︽ᠪᠢᠴᠢᠬᠠᠨ ᠪᠢ︾ ᠠᠴᠠ ︽ᠶᠡᠭᠡ ᠪᠢ︾ ᠪᠣᠯᠬᠤ ᠬᠤᠪᠢᠷᠠᠯᠲᠠ ᠶᠢ ᠪᠡᠶᠡᠯᠡᠭᠦᠯᠬᠦ ᠬᠡᠷᠡᠭᠲᠡᠢ ᠭᠡᠵᠦ ᠤᠷᠢᠶᠠᠯᠠᠪᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号