ᠵᠥᠩ ᠾᠧ ᠪᠠᠯᠭᠠᠰᠤ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠪᠠ
ᠨᠡᠶᠢᠲᠡᠯᠡᠭᠰᠡᠨ ᠴᠠᠭ᠄
2021/1/4
    ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠥᠩ ᠾᠧ ᠪᠠᠯᠭᠠᠰᠤᠨ ᠤ ᠬᠠᠷᠢᠶ᠎ᠠ ᠲᠣᠭᠤᠷᠢᠭ ᠤᠨ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠡᠷ ᠪᠠᠶᠢᠰᠢᠩ ᠪᠠ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠲᠦᠷᠦᠭᠦᠬᠡᠨ ᠵᠥᠩ ᠾᠧ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠲᠣᠰ ᠪᠠᠯᠭᠠᠰᠤᠨ ᠤ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ ᠨᠢ ᠪᠠᠯᠭᠠᠰᠤᠨ ᠤ ᠳᠣᠲᠣᠷᠠᠬᠢ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠡᠷ ᠪᠠᠶᠢᠰᠢᠩ ᠤᠨ ᠬᠡᠷᠡᠭᠯᠡᠬᠦ ᠠᠮᠤᠷ ᠲᠦᠪᠰᠢᠨ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠡᠶ᠃     ᠠᠵᠢᠯᠲᠠᠨ ᠪᠣᠭᠤᠮᠲᠠ ᠶᠢ ᠴᠢᠩᠭ᠎ᠠ ᠠᠳᠬᠤᠵᠤ᠂ ᠰᠢᠮᠳᠠᠭᠤᠯᠬᠤ᠂ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠵᠤ ᠲᠡᠭᠦᠯᠳᠡᠷᠵᠢᠭᠦᠯᠬᠦ ᠵᠠᠷᠴᠢᠮ ᠶᠣᠰᠣᠭᠠᠷ᠂ ᠴᠢᠩᠭ᠎ᠠ᠂ ᠨᠠᠷᠢᠯᠢᠭ᠂ ᠪᠣᠳᠠᠲᠠᠶ ᠪᠠᠶᠢᠬᠤ ᠬᠡᠷᠡᠭᠲᠡᠶ᠃ ᠪᠠᠶᠢᠴᠠᠭᠠᠬᠤ ᠶᠠᠪᠤᠴᠠ ᠳᠤ ᠱᠠᠰᠢᠨ ᠰᠤᠷᠲᠠᠬᠤᠨ ᠤ ᠲᠠᠯᠠᠪᠤᠷ ᠤᠨ ᠬᠠᠮᠢᠶᠠᠷᠤᠯᠲᠠ ᠶᠢᠨ ᠪᠠᠶᠢᠳᠠᠯ ᠪᠣᠯᠤᠨ ᠱᠠᠰᠢᠨ ᠰᠤᠷᠲᠠᠬᠤᠨ ᠤ ᠠᠵᠢᠯᠯᠠᠭ᠎ᠠ ᠶᠢᠨ ᠪᠠᠶᠢᠳᠠᠯ ᠢ ᠱᠠᠰᠢᠨ ᠰᠤᠷᠲᠠᠬᠤᠨ ᠤ ᠲᠠᠯᠠᠪᠤᠷ ᠤᠨ ᠬᠠᠷᠢᠭᠤᠴᠠᠯᠭᠠᠲᠠᠨ ᠠᠴᠠ ᠨᠠᠷᠢᠨ ᠣᠶᠢᠯᠠᠭᠠᠬᠤ ᠶᠢᠨ ᠬᠠᠮᠲᠤ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠤᠨ ᠬᠡᠷ ᠪᠠᠶᠢᠰᠢᠩ ᠪᠠᠷᠢᠯᠭ᠎ᠠ᠂ ᠭᠠᠯ ᠤᠨᠲᠠᠷᠠᠭᠠᠬᠤ ᠲᠥᠬᠦᠭᠡᠷᠦᠮᠵᠢ᠂ ᠴᠠᠬᠢᠯᠭᠠᠨ ᠬᠡᠷᠡᠭᠯᠡᠬᠦ ᠠᠮᠤᠷ ᠲᠦᠪᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠪᠠᠷ ᠪᠥᠬᠦ ᠲᠠᠯ᠎ᠠ ᠪᠠᠷ ᠪᠠᠶᠢᠴᠠᠭᠠᠯᠲᠠ ᠬᠢᠪᠠ᠃     ᠲᠣᠰ ᠪᠠᠯᠭᠠᠰᠤᠨ ᠤ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ ᠠᠴᠠ ᠴᠢᠬᠤᠯᠠᠴᠢᠯᠠᠭᠰᠠᠨ ᠨᠢ᠂ ᠳᠤᠭᠠᠩ ᠤᠨ ᠬᠠᠷᠢᠭᠤᠴᠠᠯᠭᠠᠲᠠᠨ ᠠᠮᠤᠷ ᠲᠦᠪᠰᠢᠨ ᠤ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠠᠮᠤᠷ ᠲᠦᠪᠰᠢᠨ ᠤ ᠠᠵᠢᠯ ᠢ ᠦᠨᠡᠨ ᠬᠦ ᠴᠢᠬᠤᠯᠠᠴᠢᠯᠠᠬᠤ ᠬᠡᠷᠡᠭᠲᠡᠶ᠃ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠮᠤᠷ ᠲᠦᠪᠰᠢᠨ ᠤ ᠠᠵᠢᠯ ᠢ ᠪᠣᠳᠠᠲᠠᠢ ᠠᠳᠬᠤᠵᠤ ᠨᠠᠷᠢᠯᠢᠭ ᠠᠳᠬᠤᠵᠤ ᠰᠠᠶᠢᠲᠤᠷ ᠠᠳᠬᠤᠬᠤ ᠬᠡᠷᠡᠭᠲᠡᠢ︔ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠨᠠᠷᠢᠨ ᠨᠢᠮᠪᠠᠶ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠬᠡᠮ ᠰᠣᠭᠤᠭ ᠢ ᠢᠯᠡᠷᠡᠭᠦᠯᠪᠡᠯ ᠳᠠᠷᠤᠶ ᠲᠦᠷᠭᠡᠨ‌‍ᠰᠢᠢᠳᠪᠦᠷᠢᠯᠡᠬᠦ ᠬᠡᠷᠡᠭᠲᠡᠶ︔ ᠠᠮᠤᠷ ᠲᠦᠪᠰᠢᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠪᠠᠬᠢᠵᠢᠭᠦᠯᠬᠦ ᠴᠢᠬᠤᠯᠠᠲᠠᠶ ᠶᠢ ᠨᠢ ᠳᠠᠷᠤᠶ ᠲᠦᠷᠭᠡᠨ ᠪᠠᠬᠢᠵᠢᠭᠦᠯᠵᠦ᠂ ᠨᠤᠷᠠᠭᠠᠬᠤ ᠴᠢᠬᠤᠯᠠᠲᠠᠶ ᠶᠢ ᠨᠢ ᠡᠷᠡᠰ ᠨᠤᠷᠠᠭᠠᠵᠤ᠂ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠠᠷᠢᠯᠭᠠᠵᠤ᠂ ᠱᠠᠰᠢᠨ ᠰᠢᠲᠦᠬᠦ ᠠᠷᠠᠳ ᠢᠷᠭᠡᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠪᠥᠬᠦ ᠪᠠᠯᠭᠠᠰᠤᠨ ᠤ ᠱᠠᠰᠢᠨ ᠰᠤᠷᠲᠠᠬᠤᠨ ᠤ ᠬᠦᠷᠢᠶᠡᠨ ᠤ ᠡᠶ᠎ᠡ ᠵᠣᠬᠢᠴᠠᠩᠭᠤᠶ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号